| ᠳᠤᠮᠳᠠᠳᠤ ᠶᠢᠨ ᠦᠨᠳᠦᠰᠦᠲᠡᠨ ᠤ ︽ᠨᠠᠰᠤᠲᠠᠨ ᠢᠶᠠᠨ ᠳᠡᠭᠡᠳᠦᠯᠡᠬᠦ᠂ ᠨᠠᠰᠤᠲᠠᠨ ᠢᠶᠠᠨ ᠬᠦᠨᠳᠦᠯᠡᠬᠦ᠂ | ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ | ᠳᠡᠯᠭᠡᠷᠡᠭᠦᠯᠵᠦ᠂ ᠨᠢᠳᠦᠨ ᠤ ᠰᠠᠯᠠᠭᠠᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠬᠢᠵᠦ᠂ ᠤᠯᠠᠨ ᠲᠦᠮᠡᠨ ᠤ ᠨᠢᠳᠦ ᠪᠠᠨ ᠬᠠᠶᠢᠷᠠᠯᠠᠬᠤ᠂ ᠨᠢᠳᠦ ᠪᠠᠨ | ᠬᠡᠷᠡᠭᠯᠡᠬᠦ ᠤᠬᠠᠮᠰᠠᠷ ᠢ ᠰᠢᠨᠵᠢᠯᠡᠬᠦ ᠤᠬᠠᠭᠠᠨᠴᠢ ᠪᠠᠷ ᠳᠡᠭᠡᠭᠰᠢᠯᠡᠭᠦᠯᠬᠦ ᠶᠢᠨ ᠲᠦᠯᠦᠭᠡ᠂ 11 ᠰᠠᠷ᠎ᠠ ᠶᠢᠨ 4 ᠤ ᠡᠳᠦᠷ᠂ | ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠤᠯᠠᠭᠠᠨᠴᠠᠪ ᠤᠨ ᠴᠤᠤ ᠵᠢᠦᠢ ᠨᠢᠳᠦᠨ ᠤ | ᠡᠮᠨᠡᠯᠭᠡ ᠶᠢᠨ ᠬᠤᠷᠢᠶ᠎ᠠ ᠲᠠᠢ ᠭᠠᠷ ᠬᠤᠯᠪᠣᠨ ᠯᠢᠳᠦ᠋ ᠨᠡᠶᠢᠭᠡᠮ ᠲᠣᠭᠤᠷᠢᠭ ᠲᠤ ᠬᠦᠷᠴᠦ ᠨᠠᠰᠤᠲᠠᠶᠢᠴᠤᠳ ᠤᠨ | ᠨᠢᠳᠦᠨ ᠤ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠨᠢᠳᠦᠨ ᠤ ᠡᠮᠨᠡᠯᠭᠡ ᠶᠢᠨ ᠠᠯᠪᠠᠨ ᠵᠢᠷᠤᠮ ᠤᠨ ᠡᠮᠴᠢᠯᠡᠭᠡ | ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠡᠮᠨᠡᠭᠦᠯᠬᠦ ᠪᠠᠷ ᠢᠷᠡᠭᠰᠡᠨ ᠰᠠᠭᠤᠭᠠᠯᠢ | ᠠᠷᠠᠳ ᠲᠤ ᠬᠠᠷᠠᠭᠠᠨ ᠤ ᠪᠠᠶᠢᠴᠠᠭᠠᠯᠲᠠ᠂ ᠨᠢᠳᠦᠨ ᠤ ᠳᠠᠷᠤᠯᠲᠠ ᠶᠢᠨ ᠬᠡᠮᠵᠢᠯᠲᠡ᠂ ᠨᠢᠳᠦᠨ ᠤ ᠢᠷᠤᠭᠠᠷ ᠤᠨ | ᠪᠠᠶᠢᠴᠠᠭᠠᠯᠲᠠ ᠵᠡᠷᠭᠡ ᠵᠦᠢᠯᠡᠰ ᠢ ᠪᠠᠭᠲᠠᠭᠠᠭᠰᠠᠨ ᠪᠥᠬᠦ ᠲᠠᠯ᠎ᠠ ᠶᠢᠨ ᠨᠢᠳᠦᠨ ᠤ ᠰᠠᠯᠠᠭᠠᠨ ᠤ ᠪᠠᠶᠢᠴᠠᠭᠠᠯᠲᠠ ᠬᠢᠭᠰᠡᠨ | ᠪᠥᠭᠡᠳ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠡᠮᠨᠡᠨ | ᠵᠠᠰᠠᠬᠤ ᠲᠥᠰᠥᠯ ᠤᠨ ᠵᠢᠯᠣᠭᠤᠳᠤᠯᠭ᠎ᠠ ᠬᠠᠩᠭᠠᠪᠠ᠃ | | ᠠᠵᠢᠯᠯᠠᠭ᠎ᠠ ᠶᠢᠨ ᠳᠤᠮᠳᠠ ᠡᠮᠴᠢ ᠰᠤᠪᠢᠯᠠᠭᠴᠢᠳ ᠪᠠᠰᠠ ᠰᠠᠭᠤᠭᠠᠯᠢ ᠠᠷᠠᠳ ᠲᠤ ᠨᠢᠳᠦᠨ ᠤ ᠰᠠᠯᠠᠭᠠᠨ ᠤ | ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠨᠢᠳᠦ ᠪᠠᠨ ᠬᠡᠷᠬᠢᠨ ᠵᠥᠪ ᠬᠡᠷᠡᠭᠯᠡᠬᠦ᠂ ᠣᠶᠢᠷ᠎ᠠ ᠬᠠᠷᠠᠭ᠎ᠠ᠂ | ᠴᠠᠭᠠᠨ ᠬᠠᠷᠠᠩ ᠵᠡᠷᠭᠡ ᠪᠠᠶᠢᠩᠭᠤ ᠲᠣᠬᠢᠶᠠᠯᠳᠤᠬᠤ ᠨᠢᠳᠦᠨ ᠤ ᠰᠠᠯᠠᠭᠠᠨ ᠤ ᠡᠪᠡᠳᠴᠢᠨ ᠡᠮᠭᠡᠭ ᠢ ᠬᠡᠷᠬᠢᠨ ᠰᠡᠷᠭᠡᠶᠢᠯᠡᠬᠦ | ᠲᠤᠬᠠᠢ ᠮᠡᠳᠡᠯᠭᠡ ᠶᠢ ᠣᠯᠠᠨ ᠳᠤ ᠲᠠᠨᠢᠯᠴᠠᠭᠤᠯᠵᠤ᠂ ᠰᠠᠭᠤᠭᠠᠯᠢ ᠠᠷᠠᠳ ᠤᠨ ᠨᠢᠳᠦᠨ ᠤ ᠰᠠᠯᠠᠭᠠᠨ ᠤ ᠡᠪᠡᠳᠴᠢᠨ | ᠡᠮᠭᠡᠭ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠪᠡ᠃ | | | ᠵᠣᠬᠢᠶᠠᠭᠴᠢ᠄ ᠭᠦᠸᠧ ᠬᠤᠶ ᠮᠢᠨ ᠵᠢᠶᠠ ᠬᠦᠶ ᠹᠠᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |