ᠮᠠᠨ ᠤ ᠬᠤᠲᠠ ᠶᠢᠨ 2024 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠡᠷᠦᠬᠡ ᠳᠤ ᠬᠦᠷᠴᠦ ᠳᠠᠩᠰᠠᠯᠠᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2024/11/6
     11 ᠰᠠᠷ᠎ᠠ ᠶᠢᠨ 1 ᠤ ᠡᠳᠦᠷ᠂ ᠮᠠᠨ ᠤ ᠬᠤᠲᠠ ᠶᠢᠨ 2024 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠡᠷᠦᠬᠡ ᠳᠤ ᠣᠷᠣᠵᠤ ᠳᠡᠩᠰᠡᠯᠡᠨ ᠲᠡᠮᠳᠡᠭᠯᠡᠬᠦ ᠠᠵᠢᠯ ᠵᠢᠩᠬᠢᠨᠢ ᠪᠠᠷ ᠡᠬᠢᠯᠡᠭᠰᠡᠨ ᠠᠴᠠ ᠨᠠᠰᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨ ᠢᠳᠡᠪᠬᠢᠲᠡᠢ ᠬᠥᠳᠡᠯᠦᠯᠴᠡᠵᠦ᠂ ᠨᠡᠶᠢᠳᠡᠮ ᠪᠠᠶᠢᠴᠠᠭᠠᠭᠴᠢ ᠶᠢᠨ ᠡᠷᠦᠬᠡ ᠳᠤ ᠣᠷᠣᠵᠤ ᠳᠡᠩᠰᠡᠯᠡᠨ ᠲᠡᠮᠳᠡᠭᠯᠡᠬᠦ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠬᠤ ᠡᠭᠦᠷᠭᠡ ᠪᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃
   ᠡᠷᠦᠬᠡ ᠳᠤ ᠬᠦᠷᠴᠦ ᠪᠠᠶᠢᠴᠠᠭᠠᠯᠲᠠ ᠬᠢᠬᠦ ᠶᠠᠪᠤᠴᠠ ᠳᠤ᠂ ᠪᠠᠶᠢᠴᠠᠭᠠᠭᠴᠢ ᠨᠠᠷ ᠴᠤᠭ ᠵᠢᠪᠬᠤᠭ᠎ᠠ ᠲᠠᠢ ᠪᠠᠷ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠲᠤ ᠣᠷᠣᠵᠤ᠂ ᠡᠩᠭᠡᠷ ᠳᠡᠭᠡᠷ᠎ᠡ ᠪᠠᠨ ᠨᠢᠭᠡᠳᠦᠯᠲᠡᠢ ᠠᠵᠢᠯ ᠤᠨ ᠦᠨᠡᠮᠯᠡᠯ ᠵᠡᠭᠦᠵᠦ᠂ ᠭᠠᠷ ᠲᠠᠭᠠᠨ ︽ᠬᠥᠮᠥᠨ ᠠᠮᠠ ᠶᠢᠨ ᠥᠯᠢᠭᠡᠷ ᠠᠪᠴᠤ ᠰᠠᠭᠤᠭᠠᠯᠢ ᠡᠷᠦᠬᠡ ᠶᠢ ᠪᠠᠶᠢᠴᠠᠭᠠᠬᠤ ᠳᠤ ᠵᠣᠷᠢᠭᠤᠯᠤᠭᠰᠠᠨ ᠵᠠᠬᠢᠳᠠᠯ︾ ᠠᠳᠬᠤᠵᠤ᠂ ᠡᠷᠦᠬᠡ ᠶᠢᠨ ᠡᠵᠡᠨ ᠲᠠᠢ ᠴᠠᠭ ᠢᠶᠠᠨ ᠤᠷᠢᠳᠴᠢᠯᠠᠨ ᠪᠣᠯᠵᠣᠨ ᠲᠣᠭᠲᠠᠭᠰᠠᠨ ᠤ ᠳᠠᠷᠠᠭ᠎ᠠ᠂ ᠡᠷᠦᠬᠡ ᠳᠤ ᠣᠷᠣᠬᠤ ᠪᠠᠷ ᠪᠡᠯᠡᠳᠬᠡᠵᠦ ᠪᠠᠶᠢᠪᠠ᠂ ᠲᠠᠳᠠ ᠨᠠᠷᠢᠨ ᠬᠢᠨᠠᠮᠠᠭᠠᠢ᠂ ᠬᠠᠷᠢᠭᠤᠴᠠᠯᠭ᠎ᠠ ᠲᠠᠢ ᠣᠪᠣᠷ ᠢᠶᠠᠷ ᠡᠷᠦᠬᠡ ᠳᠠᠷᠠᠭᠠᠯᠠᠨ ᠪᠠᠶᠢᠴᠠᠭᠠᠨ ᠳᠡᠩᠰᠡᠯᠡᠵᠦ ᠪᠠᠶᠢᠪᠠ᠃ ᠪᠠᠶᠢᠴᠠᠭᠠᠭᠴᠢ ᠠᠴᠠ ᠰᠠᠭᠤᠭᠠᠯᠢ ᠠᠷᠠᠳ ᠲᠤ ᠪᠠᠶᠢᠴᠠᠭᠠᠯᠲᠠ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠥᠨ ᠠᠮᠠ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠨᠡᠭᠦᠳᠡᠯᠯᠡᠨ ᠰᠢᠯᠵᠢᠬᠦ᠂ ᠠᠵᠢᠯ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠬᠤ ᠶᠢᠨ ᠬᠠᠮᠲᠤ ᠪᠠᠶᠢᠴᠠᠭᠠᠯᠲᠠ ᠶᠢᠨ ᠶᠠᠪᠤᠴᠠ ᠶᠢ ᠴᠢᠩᠭ᠎ᠠ ᠵᠢᠷᠤᠮᠯᠠᠨ ᠮᠡᠳᠡᠭᠡ ᠵᠠᠩᠭᠢ ᠴᠤᠭᠯᠠᠭᠤᠯᠬᠤ ᠪᠠ ᠪᠢᠴᠢᠵᠦ ᠣᠷᠣᠭᠤᠯᠤᠨ᠎ᠠ᠃
   ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ᠂ ᠤᠬᠠᠭᠤᠯᠤᠨ ᠳᠠᠶᠢᠴᠢᠯᠠᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠲᠦᠭᠡᠮᠡᠯᠵᠢᠭᠦᠯᠦᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠥᠯᠢᠭᠡᠷ ᠠᠪᠴᠤ᠂ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠪᠠ ᠬᠠᠮᠵᠢᠯᠴᠠᠬᠤ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃          ᠵᠣᠬᠢᠶᠠᠭᠴᠢ᠄ ᠵᠠᠩ ᠿᠢ ᠵᠢᠤᠸᠠᠨ ᠵᠢᠶᠠ ᠬᠦᠶ ᠹᠠᠩ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3