ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠰᠢᠨ᠎ᠡ ᠵᠠᠭᠪᠤᠷ ᠤᠨ ᠰᠢᠨ᠎ᠡ ᠶᠢ ᠡᠭᠦᠳᠴᠦ ᠪᠤᠭᠤᠷᠤᠯᠴᠤᠳ ᠤᠨ ᠰᠤᠷᠭᠠᠨ ᠬᠥᠮᠦᠵᠢᠯ ᠤᠨ ᠰᠣᠶᠣᠯ ᠤᠨ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ
ᠨᠡᠶᠢᠲᠡᠯᠡᠭᠰᠡᠨ ᠴᠠᠭ᠄
2024/11/6
   ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ  ᠬᠠᠩᠭᠠᠵᠤ᠂ ᠪᠤᠭᠤᠷᠤᠯᠴᠤᠳ ᠤᠨ ︽ᠥᠲᠡᠯᠪᠡᠯ ᠰᠤᠷᠬᠤ ᠶᠠᠭᠤᠮ᠎ᠠ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠬᠢᠬᠦ ᠶᠠᠭᠤᠮ᠎ᠠ ᠲᠠᠢ︾ ᠪᠠᠶᠢᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠹᠧᠩᠵᠧᠨ ᠤ ᠨᠡᠭᠡᠭᠡᠯᠲᠡᠲᠤ ᠶᠡᠭᠡ ᠰᠤᠷᠭᠠᠭᠤᠯᠢ ᠶᠢᠨ ᠬᠢᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠰᠣᠶᠣᠯ ᠤᠨ ᠰᠤᠷᠤᠯᠴᠠᠯᠭ᠎ᠠ ᠪᠠ ᠠᠮᠢᠳᠤᠷᠠᠯ ᠤᠨ ᠳᠡᠭᠡᠭᠰᠢᠯᠡᠯᠲᠡ ᠪᠠᠷ ᠭᠤᠣᠯ ᠪᠣᠯᠭᠠᠭᠰᠠᠨ ᠰᠤᠷᠭᠠᠨ ᠬᠥᠮᠦᠵᠢᠯ ᠤᠨ ᠵᠠᠭᠪᠤᠷ ᠢ ᠪᠣᠶ ᠪᠣᠯᠭᠠᠵᠤ᠂ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠨᠠᠰᠤᠲᠠᠶᠢᠴᠤᠳ ᠲᠤ ᠴᠤ᠋ ᠰᠢᠨ᠎ᠡ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠥᠭᠴᠦ ᠪᠠᠶᠢᠨ᠎ᠠ᠃
   ᠹᠧᠩᠵᠧᠨ ᠤ ᠨᠡᠭᠡᠬᠡᠯᠳᠡᠲᠦ ᠶᠡᠭᠡ ᠰᠤᠷᠭᠠᠭᠤᠯᠢ ᠶᠢᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠲᠥᠷᠥᠯ ᠵᠦᠢᠯ ᠳᠤ ᠣᠲᠣ ᠨᠡᠶᠢᠲᠡ 5 ᠰᠤᠷᠤᠯᠴᠠᠬᠤ ᠠᠩᠭᠢ ᠨᠡᠭᠡᠭᠡᠵᠦ᠂ 170 ᠭᠠᠷᠤᠢ ᠰᠣᠷᠣᠭᠴᠢ ᠲᠠᠢ᠂ ᠬᠢᠴᠢᠶᠡᠯ ᠤᠨ ᠲᠥᠯᠥᠪᠯᠡᠭᠡ ᠨᠢ ᠵᠣᠬᠢᠴᠠᠬᠤ ᠴᠢᠨᠠᠷ᠂ ᠰᠣᠨᠢᠷᠬᠠᠯᠲᠤ ᠴᠢᠨᠠᠷ ᠢᠶᠠᠷ ᠭᠤᠣᠯᠯᠠᠭᠤᠯᠵᠤ᠂ ᠪᠥᠵᠢᠭ᠂ ᠳᠠᠭᠤᠯᠠᠬᠤᠢ᠂ ᠬᠥᠭᠵᠢᠮ ᠵᠡᠷᠭᠡ ᠡᠯᠪᠡᠭ ᠪᠠᠶᠠᠯᠢᠭ ᠠᠭᠤᠯᠭ᠎ᠠ ᠶᠢ ᠬᠠᠮᠤᠷᠴᠤ᠂ ᠨᠠᠰᠤᠲᠠᠶᠢᠴᠤᠳ ᠤᠨ ᠮᠡᠳᠡᠯᠭᠡ ᠪᠠᠨ ᠥᠷᠭᠡᠳᠬᠡᠬᠦ ᠳᠤᠮᠳᠠ ᠰᠣᠶᠣᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠣᠯᠢᠯᠴᠠᠨ ᠰᠤᠷᠤᠯᠴᠠᠬᠤ ᠳᠤᠮᠳᠠ ᠪᠡᠶ᠎ᠡ ᠰᠡᠳᠬᠢᠯ ᠢᠶᠠᠨ ᠰᠢᠮᠡᠵᠢᠭᠦᠯᠦᠨ᠎ᠡ᠃ ᠲᠤᠰᠬᠠᠢ ᠮᠡᠷᠭᠡᠵᠢᠯ ᠤᠨ ᠪᠠᠭᠰᠢ ᠶᠢᠨ ᠬᠠᠯᠠᠰᠢᠷᠠᠯ ᠦᠭᠡᠢ ᠲᠠᠶᠢᠯᠤᠮᠵᠢ ᠪᠠ ᠰᠣᠯᠢᠯᠴᠠᠭ᠎ᠠ ᠪᠠᠷ ᠳᠡᠮᠵᠢᠨ᠂ ᠰᠤᠷᠤᠭᠴᠢᠳ ᠮᠡᠳᠡᠯᠭᠡ ᠣᠯᠣᠭᠰᠠᠨ ᠢᠶᠠᠷ ᠪᠠᠷᠠᠬᠤ ᠦᠭᠡᠢ᠂ ᠠᠮᠢᠳᠤᠷᠠᠯ ᠤᠨ ᠬᠠᠪᠤ ᠴᠡᠩᠭᠡᠯ ᠪᠠ ᠢᠲᠡᠭᠡᠯ ᠢᠶᠠᠨ ᠴᠤ ᠨᠡᠮᠡᠭᠳᠡᠭᠦᠯᠪᠡ᠃
   ᠣᠶᠢᠷ᠎ᠠ ᠶᠢᠨ ᠵᠢᠯ ᠳᠤ᠂ ᠹᠧᠩᠵᠧᠨ ᠤ ᠨᠡᠭᠡᠭᠡᠯᠲᠡᠲᠤ ᠶᠡᠭᠡ ᠰᠤᠷᠭᠠᠭᠤᠯᠢ ᠶᠢᠨ ᠬᠢᠨ ︽ᠪᠦᠬᠦ ᠠᠷᠠᠳ ᠢᠶᠠᠷ ᠢᠶᠠᠨ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ︾ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠵᠢᠭᠠᠨ ᠰᠤᠷᠭᠠᠯᠲᠠ ᠶᠢᠨ ᠵᠠᠭᠪᠤᠷ ᠢ ᠥᠷᠭᠡᠳᠬᠡᠵᠦ᠂ ᠵᠢᠭᠠᠨ ᠰᠤᠷᠭᠠᠯᠲᠠ ᠶᠢᠨ ᠠᠷᠭ᠎ᠠ ᠶᠢ ᠰᠢᠨ᠎ᠡ ᠪᠠᠷ ᠡᠭᠦᠳᠴᠦ᠂ ᠨᠠᠰᠤᠲᠠᠶᠢᠴᠤᠳ ᠤᠨ ᠵᠢᠭᠠᠨ ᠰᠤᠷᠭᠠᠯᠲᠠ ᠪᠠ ᠰᠤᠷᠭᠠᠨ ᠬᠥᠮᠦᠵᠢᠯ ᠲᠦᠷᠭᠡᠨ ᠬᠥᠭᠵᠢᠵᠦ᠂ ᠬᠡᠰᠡᠭ ᠰᠤᠷᠤᠭᠴᠢᠳ ᠤᠨ ᠰᠢᠯᠢᠳᠡᠭ ᠪᠦᠲᠦᠭᠡᠯ ᠨᠢ ᠤᠷᠤᠯᠳᠤᠭᠠᠨ ᠳᠤ ᠣᠷᠣᠯᠴᠠᠭᠠᠳ ᠣᠯᠠᠨ ᠵᠦᠢᠯ ᠤᠨ ᠱᠠᠩᠨᠠᠯ ᠭᠥᠷᠳᠡᠵᠦ᠂ ᠹᠧᠩᠵᠧᠨ ᠤ ᠠᠬᠠᠮᠠᠳ ᠰᠤᠷᠤᠭᠴᠢᠳ ᠤᠨ ᠠᠪᠢᠶᠠᠰ ᠴᠢᠳᠠᠪᠤᠷᠢ ᠪᠠ ᠴᠤᠭ ᠵᠢᠪᠬᠤᠭ᠎ᠠ ᠶᠢ ᠢᠯᠡᠷᠡᠭᠦᠯᠦᠭᠰᠡᠨ ᠪᠥᠭᠡᠳ ᠹᠧᠩᠵᠧᠨ ᠤ ᠨᠡᠭᠡᠭᠡᠯᠲᠡᠲᠤ ᠶᠡᠭᠡ ᠰᠤᠷᠭᠠᠭᠤᠯᠢ ᠶᠢᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠪᠣᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠹᠧᠩᠵᠧᠨ ᠤ ᠨᠡᠭᠡᠭᠡᠯᠲᠡᠲᠤ ᠶᠡᠭᠡ ᠰᠤᠷᠭᠠᠭᠤᠯᠢ ᠶᠢᠨ ᠬᠢᠨ ᠬᠢᠴᠢᠶᠡᠯ ᠤᠨ ᠲᠥᠯᠥᠪᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠹᠧᠩᠵᠧᠨ ᠤ ᠨᠠᠰᠤᠲᠠᠶᠢᠴᠤᠳ ᠲᠤ ᠨᠠᠩ ᠣᠯᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠵᠤ᠂ ᠪᠤᠭᠤᠷᠤᠯᠴᠤᠳ ᠤᠨ ᠰᠤᠷᠭᠠᠨ ᠬᠥᠮᠦᠵᠢᠯ ᠤᠨ ᠰᠣᠶᠣᠯ ᠤᠨ ᠬᠠᠭᠤᠳᠠᠰᠤ ᠶᠢ ᠪᠢᠴᠢᠭᠯᠡᠨ᠎ᠡ᠃          ᠵᠣᠬᠢᠶᠠᠭᠴᠢ᠄ ᠸᠠᠩ ᠨᠢᠩ ᠪᠦᠸᠧ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3