︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ︾
ᠨᠡᠶᠢᠲᠡᠯᠡᠭᠰᠡᠨ ᠴᠠᠭ᠄
2024/11/6
           —— ᠮᠠᠨ ᠤ ᠬᠤᠲᠠ ᠶᠢᠨ ᠡᠯ᠎ᠡ ᠰᠢᠶᠠᠩ ᠪᠠᠯᠭᠠᠰᠤ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠭᠡᠨ ᠢᠶᠠᠷ ᠥᠷᠨᠢᠭᠦᠯᠪᠡ    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ ᠦᠨᠡᠨᠬᠦ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠲᠠ ᠶᠢᠨ ᠡᠯ᠎ᠡ ᠰᠢᠶᠠᠩ ᠪᠠᠯᠭᠠᠰᠤ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠭᠡᠨ ᠢᠶᠠᠷ ᠥᠷᠨᠢᠭᠦᠯᠪᠡ᠃
   ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠪᠣᠯᠤᠭᠰᠠᠨ ᠤ ᠬᠤᠪᠢ ᠳᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ︽ᠲᠣᠭᠲᠠᠭᠠᠯ︾ ᠤᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠪᠣᠯᠪᠠᠰᠤᠷᠠᠭᠤᠯᠤᠨ ᠳ᠋ᠦᠩᠨᠡᠵᠦ᠂ ᠪᠥᠬᠦᠳᠡ ᠬᠤᠷᠠᠯ ᠤᠨ ᠠᠩᠬᠠᠷᠤᠯ ᠲᠥᠪᠯᠡᠷᠡᠭᠰᠡᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠴᠢᠭᠯᠡᠭᠦᠯᠦᠨ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠲᠤ ᠣᠯᠠᠨ ᠲᠦᠮᠡᠨ ᠤ ᠠᠩᠬᠠᠷᠤᠯ ᠢ ᠲᠠᠲᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠵᠠᠰᠠᠯᠲᠠ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠭᠤᠯᠭ᠎ᠠ ᠶᠢ ᠨᠠᠷᠢᠨ ᠲᠣᠳᠣᠷᠬᠠᠢ ᠶᠠᠷᠢᠵᠤ᠂ ᠡᠭᠦᠨ ᠤ ᠬᠠᠮᠲᠤ ᠨᠠᠮ ᠤᠨ ᠭᠡᠰᠢᠭᠦᠨ ᠺᠠᠳ᠋ᠷᠴᠤᠳ ᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠴᠢᠷᠮᠠᠶᠢᠨ ᠲᠡᠮᠡᠴᠡᠬᠦ ᠶᠢ ᠵᠣᠷᠢᠭᠵᠢᠭᠤᠯᠪᠠ᠃
   ᠦᠨᠳᠦᠰᠦᠨ ᠱᠠᠲᠤᠨ ᠤ ᠨᠠᠮ ᠤᠨ ᠡᠭᠦᠷ ᠤᠨ ᠬᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ ᠲᠤᠰ ᠡᠭᠡᠯᠵᠢ ᠶᠢᠨ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠦᠬᠦ ᠬᠤᠲᠠ ᠶᠢᠨ ᠰᠢᠶᠠᠩ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ  ᠢ ᠬᠦᠴᠦᠯᠡᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠯᠠᠨ ᠳᠤ ᠨᠡᠩ ᠭᠦᠨᠵᠡᠭᠡᠢ ᠣᠶᠢᠯᠠᠭᠠᠭᠤᠯᠵᠤ᠂ ᠬᠤᠶᠢᠰᠢᠳᠠ  ᠶᠢᠨ ᠰᠢᠶᠠᠩ ᠪᠠᠯᠭᠠᠰᠤᠨ ᠤ ᠪᠣᠳᠠᠲᠠᠢ ᠠᠵᠢᠯ ᠢ ᠵᠢᠯᠤᠭᠤᠳᠬᠤ ᠳᠤ ᠴᠢᠭᠯᠡᠯ ᠢ ᠵᠢᠭᠠᠨ ᠥᠭᠴᠦ᠂ ᠭᠤᠣᠯᠳᠠᠯᠭ᠎ᠠ ᠶᠢ ᠡᠵᠡᠮᠰᠢᠭᠦᠯᠦᠭᠰᠡᠨ ᠪᠠᠶᠢᠨ᠎ᠠ᠃     ᠤᠷᠴᠢᠭᠤᠯᠤᠭᠴᠢ᠄ ᠬᠠᠨ ᠰᠢᠶᠤᠤ ᠿᠦᠩ     ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3