| 11 ᠰᠠᠷ᠎ᠠ ᠶᠢᠨ 6 ᠤ ᠡᠳᠦᠷ᠂ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ | ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠬᠤᠩ᠂ ᠳᠡᠳ᠋ ᠡᠷᠬᠢᠯᠡᠭᠴᠢ ᠸᠠᠩ ᠵᠢᠶᠠᠨ ᠶᠢᠩ᠂ ᠾᠧᠦ ᠴᠧᠨ ᠭᠤᠸᠠᠩ᠂ ᠸᠠᠩ | ᠢᠦᠢ ᠴᠧᠩ᠂ ᠯᠢ ᠱᠦᠨ ᠢ ᠨᠠᠷ ᠬᠤᠷᠠᠯ ᠳᠤ ᠣᠷᠣᠯᠴᠠᠪᠠ︔ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ | ᠳᠠᠷᠤᠭ᠎ᠠ ᠸᠧᠢ ᠰᠢᠤᠸᠠᠢ ᠹᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ | ᠼᠠᠢ ᠰᠢᠶᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ | ᠣᠷᠣᠯᠴᠠᠵᠤ᠂ ᠵᠠᠩ ᠬᠤᠩ ᠬᠤᠷᠠᠯ ᠢ ᠡᠷᠭᠢᠯᠡᠪᠡ᠃ | | ᠬᠤᠷᠠᠯᠳᠤᠭᠠᠨ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 32 ᠬᠥᠮᠥᠨ᠂ | ᠬᠤᠷᠠᠯᠳᠤᠭᠠᠨ ᠳᠤ ᠪᠣᠳᠠᠲᠠᠢ ᠣᠷᠣᠯᠴᠠᠭᠰᠠᠨ ᠨᠢ 28 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ | ᠬᠦᠨᠵᠡᠭᠡᠶᠢᠷᠡᠬᠦᠯᠦᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ | ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠲᠡᠭᠡᠷᠡᠬᠢ ᠶᠠᠷᠢᠶ᠎ᠠ ᠵᠢᠴᠢ ᠶᠡᠷᠦᠩᠬᠡᠢ ᠱᠦᠵᠢ ᠰᠢ ᠶᠢᠨ | ᠫᠢᠩ ᠤᠨ ᠹᠦᠵᠢᠶᠠᠨ᠂ ᠠᠨᠾᠦ᠋ᠢ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ | ᠪᠠᠶᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ ᠬᠤᠷᠠᠯ ᠠᠴᠠ | ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠵᠦᠢᠯᠡᠰ ᠢ ᠲᠣᠭᠲᠠᠭᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ | ᠣᠯᠭᠤᠬᠤ ᠶᠢᠨ ᠬᠠᠮᠲᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠷᠠᠯ ᠳᠡᠭᠡᠷ᠎ᠡ ᠹᠧᠩᠵᠧᠨ ᠳᠤ ᠰᠠᠭᠤᠭ᠎ᠠ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠲᠤᠰᠢᠶᠠᠯ ᠤᠨ ᠮᠡᠳᠡᠭᠦᠯᠦᠯᠲᠡ | ᠬᠢᠭᠰᠡᠨ ᠪᠥᠭᠡᠳ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠦᠨᠡᠯᠡᠯᠲᠡ ᠬᠢᠪᠡ᠃ | | ᠵᠣᠬᠢᠶᠠᠭᠴᠢ᠄ ᠸᠠᠩ ᠨᠢᠩ ᠪᠦᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |