| 11 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠲᠠ | ᠲᠣᠭᠤᠷᠢᠭ ᠤᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠠᠵᠢᠯ ᠢ ᠬᠢᠨᠠᠨ ᠵᠢᠯᠤᠭᠤᠳᠴᠤ | ᠪᠠᠶᠢᠴᠠᠭᠠᠨ ᠰᠤᠳᠤᠯᠪᠠ᠃ ᠬᠤᠳᠠ ᠶᠢᠨ ᠤᠳᠤᠷᠢᠳᠤᠯᠭ᠎ᠠ ᠱᠢ ᠬᠦᠢ ᠵᠢᠶᠦ᠋ᠨ᠂ ᠵᠠᠩ ᠰᠢᠨ ᠨᠠᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | | ᠯᠢ ᠶᠢᠩ ᠤᠷᠢᠳ ᠬᠤᠵᠢᠳ ᠤᠯᠠᠨ ᠵᠡᠭᠡᠯᠢ ᠲᠣᠭᠤᠷᠢᠭ ᠢᠶᠠᠷ ᠶᠠᠪᠤᠵᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠤᠯᠠᠨ ᠨᠡᠶᠢᠲᠡ ᠶᠢᠨ ᠲᠥᠬᠦᠭᠡᠷᠦᠮᠵᠢ᠂ ᠡᠯ᠎ᠡ ᠪᠠᠷᠢᠯᠭ᠎ᠠ ᠶᠢᠨ ᠲᠤᠬᠠᠢ ᠶᠢᠨ ᠭᠠᠵᠠᠷ ᠵᠡᠷᠭᠡ ᠪᠠᠶᠢᠳᠠᠯ ᠢ | ᠨᠠᠷᠢᠨ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠪᠠ᠃ | | ᠯᠢ ᠶᠢᠩ᠄ ᠬᠤᠳᠠ ᠶᠢᠨ ᠳᠦᠷᠰᠦ ᠪᠠᠶᠢᠳᠠᠯ ᠨᠢ ᠪᠦᠬᠦ ᠬᠤᠳᠠ ᠶᠢᠨ ᠥᠷᠭᠡᠨ ᠤᠯᠠᠨ ᠲᠦᠮᠡᠨ ᠤ ᠠᠮᠢᠳᠤᠷᠠᠯ ᠤᠨ | ᠴᠢᠨᠠᠷ ᠴᠢᠨᠰᠠᠭ᠎ᠠ ᠪᠣᠯᠣᠨ ᠬᠤᠳᠠ ᠶᠢᠨ ᠳᠦᠷᠢ ᠲᠥᠷᠬᠦ ᠲᠠᠢ ᠬᠤᠯᠪᠤᠬᠳᠠᠬᠤ ᠠᠴᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠪᠠ | ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠭ | ᠨᠣᠪᠰᠢ ᠶᠢ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠲᠠᠯᠪᠢᠬᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ | ᠡᠪᠳᠡᠵᠦ ᠰᠦᠢᠳᠬᠡᠬᠦ ᠵᠡᠷᠭᠡ ᠠᠰᠠᠭᠤᠳᠠᠯ ᠢ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠴᠥᠬᠦᠷᠡᠰᠢ ᠦᠭᠡᠢ ᠪᠠᠶᠢᠩᠭᠤ | ᠠᠳᠬᠤᠬᠤ ᠬᠡᠷᠡᠭᠲᠡᠢ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠡᠷᠭᠡᠨ ᠵᠣᠭᠰᠣᠭᠠᠯ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠲᠦᠮᠵᠢᠲᠡᠶ ᠣᠷᠣᠨ ᠵᠠᠢ ᠶᠢ ᠵᠦᠢ ᠵᠣᠬᠢᠰᠲᠠᠢ ᠠᠰᠢᠭᠯᠠᠨ᠂ | ᠣᠯᠠᠨ ᠲᠦᠮᠡᠨ ᠤ ᠲᠡᠷᠭᠡ ᠵᠣᠭᠰᠤᠭᠠᠬᠤ ᠳᠤ ᠲᠥᠬᠦᠮ ᠦᠵᠡᠭᠦᠯᠬᠦ ᠬᠡᠷᠡᠭᠲᠡᠢ︔ ᠬᠤᠲᠠ ᠲᠣᠭᠤᠷᠢᠭ ᠤᠨ ᠡᠯ᠎ᠡ | ᠪᠠᠷᠢᠯᠭ᠎ᠠ ᠶᠢᠨ ᠲᠤᠬᠠᠢ ᠶᠢᠨ ᠭᠠᠵᠠᠷ ᠨᠢ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ | ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠠᠵᠢᠯ ᠢᠶᠠᠨ ᠡᠷᠲᠡᠬᠡᠨ ᠳᠠᠭᠤᠰᠬᠠᠬᠤ ᠪᠠᠷ ᠴᠢᠷᠮᠠᠶᠢᠵᠤ᠂ ᠣᠶᠢᠷ᠎ᠠ | ᠬᠠᠪᠢ ᠶᠢᠨ ᠰᠠᠭᠤᠭᠠᠯᠢ ᠠᠷᠠᠳ ᠲᠤ ᠠᠮᠤᠷ ᠲᠦᠪᠰᠢᠨ ᠪᠥᠭᠡᠳ ᠲᠣᠭᠲᠠᠭᠤᠨ ᠡᠮᠬᠢ ᠵᠢᠷᠤᠮ ᠲᠠᠢ ᠠᠮᠢᠳᠤᠷᠠᠯ ᠤᠨ | ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠬᠡᠪᠡ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |