︽ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠦᠭᠭᠦᠨ᠎ᠡ︾
ᠨᠡᠶᠢᠲᠡᠯᠡᠭᠰᠡᠨ ᠴᠠᠭ᠄
2024/11/8
          —— ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠦᠭᠪᠡ    ︽ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠬᠠᠭᠤᠯᠭ᠎ᠠ ᠶᠢᠨ ᠡᠷᠴᠢᠮ ᠪᠠ ᠨᠠᠰᠤᠨ ᠳᠤ ᠦᠯᠤ ᠬᠥᠷᠦᠭᠰᠡᠳ ᠢ ᠪᠠᠶᠢᠴᠠᠭᠠᠵᠤ ᠬᠠᠮᠠᠭᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠴᠡᠪᠡᠷᠰᠢᠭᠦᠯᠬᠦ ᠶᠢᠨ ᠲᠦᠯᠦᠭᠡ᠂ 11 ᠰᠠᠷ᠎ᠠ ᠶᠢᠨ 6 ᠤ ᠡᠳᠦᠷ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠢᠩ ᠪᠢᠨ ᠵᠠᠮ ᠤᠨ ᠲᠣᠮᠢᠯᠠᠭᠰᠠᠨ ᠰᠠᠯᠪᠤᠷᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠡᠷᠬᠢᠨ ᠲᠣᠭᠤᠷᠢᠨ ᠤ ᠰᠣᠶᠣᠯ ᠤᠨ ᠬᠡᠷᠡᠭᠰᠡᠯ ᠤᠨ ᠳᠡᠯᠭᠡᠭᠦᠷ᠂ ᠨᠣᠮ ᠤᠨ ᠳᠡᠯᠭᠡᠭᠦᠷ᠂ ᠰᠦᠯᠵᠢᠶᠡᠨ ᠤ ᠪᠠᠭᠠᠷ᠂ KTV ᠵᠡᠷᠭᠡ ᠲᠠᠯᠠᠪᠤᠷ ᠲᠤ ᠲᠤᠰᠬᠠᠢ ᠪᠠᠶᠢᠴᠠᠭᠠᠯᠲᠠ ᠬᠢᠪᠡ᠃
   ᠰᠦᠯᠵᠢᠶᠡᠨ ᠤ ᠪᠠᠭᠠᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠳᠡᠩᠰᠡᠯᠡᠨ ᠲᠡᠮᠳᠡᠭᠯᠡᠬᠦ ᠰᠢᠰᠲ᠋ᠧᠮ ᠪᠠ ᠪᠡᠶ᠎ᠡ ᠶᠢᠨ ᠦᠨᠡᠮᠯᠡᠯ ᠢ ᠰᠢᠯᠭᠠᠨ ᠪᠠᠲᠤᠯᠠᠬᠤ ᠰᠢᠰᠲ᠋ᠧᠮ ᠢ ᠪᠠᠶᠢᠴᠠᠭᠠᠨ ᠦᠵᠡᠵᠦ᠂ ᠡᠵᠡᠩᠨᠡᠯᠲᠡ ᠶᠢᠨ ᠪᠠᠶᠢᠳᠠᠯ ᠢ ᠯᠠᠪᠯᠠᠨ ᠠᠰᠠᠭᠤᠵᠤ᠂ ᠲᠣᠭᠲᠠᠭᠠᠯ ᠢ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ ᠪᠤᠶᠤ ᠬᠥᠯᠥᠰᠦᠯᠡᠭᠰᠡᠨ ᠡᠰᠡᠬᠦ᠂ ᠲᠣᠭᠲᠠᠭᠠᠯ ᠶᠣᠰᠣᠭᠠᠷ ᠨᠠᠰᠤᠨ ᠳᠤ ᠥᠯᠥ ᠭᠦᠷᠦᠭᠰᠡᠳ ᠤᠨ ᠣᠷᠣᠬᠤ ᠶᠢ ᠴᠠᠭᠠᠵᠠᠯᠠᠬᠤ ᠢᠯᠡ ᠲᠣᠳᠣ ᠲᠡᠮᠳᠡᠭ ᠢ ᠪᠠᠶᠢᠷᠢᠯᠠᠭᠤᠯᠤᠭᠰᠠᠨ ᠡᠰᠡᠬᠦ᠂ ᠦᠨᠡᠨ ᠨᠡᠷ᠎ᠡ ᠶᠢᠨ ᠳᠦᠷᠢᠮ ᠢᠶᠠᠷ ᠰᠦᠯᠵᠢᠶᠡᠨ ᠳᠤ ᠭᠠᠷᠬᠤ ᠶᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠬᠢᠨᠠᠨ ᠬᠠᠷᠭᠤᠭᠤᠯᠬᠤ ᠶᠢᠨ ᠵᠡᠷᠭᠡ ᠳᠤ ᠪᠠᠰᠠ ᠰᠦᠯᠵᠢᠶᠡᠨ ᠤ ᠪᠠᠭᠠᠷ ᠤᠨ ᠬᠠᠷᠢᠭᠤᠴᠠᠯᠭᠠᠲᠠᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠠᠨᠢᠯᠴᠠᠭᠤᠯᠵᠤ᠂ ᠲᠡᠳᠡᠨ ᠢ ᠵᠥᠪ ᠣᠨᠣᠪᠴᠢᠲᠠᠶ ᠡᠵᠡᠩᠨᠡᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠨ᠂ ᠠᠵᠢᠯᠲᠠᠨ ᠢ ᠴᠢᠩᠭ᠎ᠠ ᠣᠷᠣᠭᠤᠯᠵᠤ᠂ ᠲᠣᠭᠲᠠᠭᠠᠯ ᠠᠴᠠ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠬᠤ ᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃
   ᠨᠣᠮ ᠤᠨ ᠳᠡᠯᠭᠡᠭᠦᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠳᠡᠯᠭᠡᠭᠦᠷ ᠤᠨ ᠪᠠᠷᠠᠭ᠎ᠠ ᠣᠷᠣᠭᠤᠯᠤᠭᠰᠠᠨ ᠡᠬᠡ ᠳᠠᠩᠰᠠ᠂ ᠨᠣᠮ ᠤᠨ ᠵᠢᠶᠠᠰᠠ ᠶᠢᠨ ᠭᠠᠷᠴᠠᠭ᠂ ᠡᠵᠡᠩᠨᠡᠯᠲᠡ ᠶᠢᠨ ᠦᠨᠡᠮᠯᠡᠯ ᠵᠡᠷᠭᠡ ᠮᠡᠳᠡᠭᠡ ᠵᠠᠩᠭᠢ ᠶᠢ ᠨᠠᠷᠢᠨ ᠪᠠᠶᠢᠴᠠᠭᠠᠨ ᠦᠵᠡᠵᠦ᠂ ᠨᠣᠮ ᠤᠨ ᠳᠡᠯᠭᠡᠭᠦᠷ ᠤᠨ ᠠᠵᠢᠯᠲᠠᠨ ᠤ ᠪᠠᠶᠢᠳᠠᠯ ᠪᠣᠯᠣᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠳᠡᠯᠭᠡᠭᠦᠷ ᠤᠨ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ᠂ ᠬᠠᠷᠮᠠᠨ ᠪᠢᠴᠢᠭ᠂ ᠱᠤᠭ ᠵᠢᠷᠤᠭ ᠤᠨ ᠨᠣᠮ᠂ ᠲᠣᠭᠯᠠᠭᠠᠮ ᠤᠨ ᠰᠣᠬᠤᠷ ᠬᠠᠶᠢᠷᠴᠠᠭ ᠵᠡᠷᠭᠡ ᠶᠢ ᠰᠣᠩᠭᠤᠨ ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠤᠩᠰᠢᠬᠤ ᠨᠣᠮ᠂ ᠪᠠᠭᠠᠴᠤᠳ ᠬᠡᠦᠬᠡᠳ ᠤᠨ ᠤᠩᠰᠢᠬᠤ ᠨᠣᠮ᠂ ᠨᠡᠶᠢᠭᠡᠮ ᠤᠨ ᠰᠢᠨᠵᠢᠯᠡᠬᠦ ᠤᠬᠠᠭᠠᠨ ᠤ ᠪᠣᠷᠤᠯᠠᠭᠤᠯᠭ᠎ᠠ ᠰᠠᠶᠢᠲᠠᠢ ᠨᠣᠮ᠂ ᠤᠷᠠᠨ ᠵᠣᠬᠢᠶᠠᠯ ᠤᠨ ᠨᠡᠷᠡᠲᠦ ᠵᠣᠬᠢᠶᠠᠯ ᠵᠡᠷᠭᠡ ᠤᠩᠰᠢᠬᠤ ᠨᠣᠮ ᠢ ᠤᠷᠪᠠᠭᠤᠯᠤᠨ ᠤᠩᠰᠢᠵᠤ᠂ ᠨᠣᠮ ᠤᠨ ᠠᠭᠤᠯᠭ᠎ᠠ ᠶᠢ ᠦᠵᠡᠵᠦ᠂ ︽ᠱᠠᠯᠢᠭ ᠵᠦᠢᠯᠡᠰ︾ ᠲᠠᠢ ᠬᠤᠯᠪᠣᠭᠳᠠᠭᠰᠠᠨ ︽ᠬᠠᠤᠯᠢ ᠪᠤᠰᠤ︾ ᠲᠠᠢ ᠬᠤᠯᠪᠣᠭᠳᠠᠭᠰᠠᠨ ᠵᠡᠷᠭᠡ ᠨᠠᠰᠤᠨ ᠳᠤ ᠦᠯᠦ ᠬᠦᠷᠦᠭᠰᠡᠳ ᠤᠨ ᠤᠩᠰᠢᠬᠤ ᠳᠤ ᠲᠣᠬᠢᠷᠠᠮᠵᠢ ᠦᠭᠡᠢ ᠮᠡᠳᠡᠭᠡ ᠵᠠᠩᠭᠢ ᠪᠠᠶᠢᠬᠤ ᠡᠰᠡᠬᠦ ᠶᠢ ᠦᠵᠡᠪᠡ᠃ ᠡᠭᠦᠨ ᠤ ᠬᠠᠮᠲᠤ ᠡᠵᠡᠩᠨᠡᠭᠴᠢᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠪᠠ ᠠᠩᠬᠠᠷᠬᠤ ᠵᠦᠢᠯᠡᠰ ᠢ ᠨᠠᠷᠢᠨ ᠬᠢᠨᠠᠮᠠᠭᠠᠢ ᠤᠬᠠᠭᠤᠯᠵᠤ᠂ ᠲᠡᠳᠡᠨ ᠢ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠮᠰᠠᠷ᠂ ᠠᠶᠤᠯᠭᠦᠢ ᠶᠢᠨ ᠤᠬᠠᠮᠰᠠᠷ ᠢ ᠨᠢ ᠴᠢᠩᠭᠠᠳᠬᠠᠵᠤ᠂ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠵᠢᠷᠤᠮᠵᠢᠯ ᠲᠠᠢ ᠪᠠᠷ ᠡᠵᠡᠩᠨᠡᠬᠦ ᠶᠢ ᠪᠡᠶᠡᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ ᠬᠥᠨᠥᠭᠡᠯ ᠲᠠᠢ ᠬᠠᠤᠯᠢ ᠪᠤᠰᠤ ᠬᠡᠪᠯᠡᠭᠳᠡᠬᠦᠨ ᠢ ᠡᠷᠡᠰ ᠡᠰᠡᠷᠭᠦᠴᠡᠨ ᠬᠤᠷᠢᠭᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠠᠮᠲᠤ ᠪᠠᠷ ᠰᠠᠶᠢᠲᠤᠷ ᠬᠠᠮᠠᠭᠠᠯᠠᠬᠤ ᠶᠢ ᠰᠢᠪᠠᠳᠠᠪᠠ︔ ᠡᠯ᠎ᠡ ᠡᠵᠡᠩᠨᠡᠯᠲᠡ ᠶᠢᠨ ᠥᠮᠴᠢᠲᠡᠨ ᠨᠠᠷ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠬᠤᠯᠠᠭᠠᠶᠢᠯᠠᠨ ᠬᠡᠪᠯᠡᠭᠰᠡᠨ᠂ ᠱᠠᠯᠢᠭ ᠵᠠᠪᠬᠠᠢ᠂ ᠬᠦᠴᠦᠷᠬᠡᠭᠯᠡᠯ ᠤᠨ ᠴᠢᠰᠤᠲᠤ ᠵᠡᠷᠭᠡ ᠬᠠᠤᠯᠢ ᠪᠤᠰᠤ ᠬᠡᠪᠯᠡᠭᠳᠡᠬᠦᠨ ᠢ ᠦᠢᠯᠡᠳᠪᠦᠷᠢᠯᠡᠬᠦ ᠦᠭᠡᠢ᠂ ᠬᠤᠳᠠᠯᠳᠤᠬᠤ ᠦᠭᠡᠢ ᠪᠠᠶᠢᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠷᠭᠡᠶᠢᠯᠡᠵᠡᠭᠡᠪᠡ᠃
       ᠵᠣᠬᠢᠶᠠᠭᠴᠢ᠄ ᠰᠢᠤᠸᠠᠨ ᠶᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3