︽ᠪᠠᠭ᠎ᠠ︾ ᠵᠠᠮ ᠤᠨ ᠳ᠋ᠧᠩ ᠨᠢ ︽ᠶᠡᠭᠡ︾ ᠠᠷᠠᠳ ᠤᠨ ᠠᠮᠢᠳᠤᠷᠠᠯ ᠪᠠᠶᠢᠵᠦ ᠰᠠᠭᠤᠭᠠᠯᠢ ᠠᠷᠠᠳ ᠤᠨ ᠵᠣᠯ ᠵᠢᠷᠭᠠᠯᠲᠤ ᠵᠠᠮ ᠢ ᠭᠡᠷᠡᠯᠳᠦᠭᠦᠯᠪᠡ
ᠨᠡᠶᠢᠲᠡᠯᠡᠭᠰᠡᠨ ᠴᠠᠭ᠄
2024/12/21
  ᠪᠦᠷᠦᠢ ᠲᠠᠰᠤᠷᠠᠵᠤ᠂ ᠪᠸᠢᠢᠱᠠᠨ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠤᠨ ᠠᠷᠤ ᠭᠤᠳᠤᠮᠵᠢ ᠪᠠᠷ ᠶᠠᠪᠤᠬᠤ ᠳᠤ᠂ ᠰᠢᠨ᠎ᠡ ᠪᠠᠷ ᠤᠭᠰᠠᠷᠠᠭᠰᠠᠨ ᠨᠡᠷᠡᠨ ᠡᠨᠧᠷᠭᠢ ᠶᠢᠨ ᠵᠠᠮ ᠤᠨ ᠳ᠋ᠧᠩ ᠤᠳ ᠬᠥᠮᠥᠰ ᠤᠨ ᠰᠡᠳᠬᠢᠯ ᠢ ᠳᠤᠯᠠᠭᠠᠴᠠᠭᠤᠯᠤᠮ᠎ᠠ ᠭᠡᠷᠡᠯᠳᠦᠵᠦ᠂ ᠵᠡᠭᠡᠯᠢ ᠶᠢᠨ ᠠᠮᠠᠰᠠᠷ ᠤᠨ ᠨᠠᠷᠢᠨ ᠭᠤᠳᠤᠮᠵᠢ ᠳᠤ ᠲᠤᠰᠴᠤ᠂ ᠰᠠᠭᠤᠭᠠᠯᠢ ᠠᠷᠠᠳ ᠤᠨ ᠠᠮᠤᠷ ᠲᠦᠪᠰᠢᠨ ᠠᠶᠠᠯᠠᠯ ᠤᠨ ᠵᠠᠮ ᠢ ᠭᠡᠷᠡᠯᠳᠦᠭᠦᠯᠦᠨ᠎ᠡ᠃
   ᠣᠶᠢᠷ᠎ᠠ ᠳᠤ᠂ ᠬᠤᠲᠠ ᠶᠢᠨ ᠬᠤᠶᠢᠳᠦ ᠲᠣᠭᠤᠷᠢᠭ ᠤᠨ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠶᠢᠨ ᠬᠢᠨ ᠪᠸᠢᠢᠱᠠᠨ ᠨᠡᠶᠢᠭᠡᠮ ᠲᠣᠭᠤᠷᠢᠭ ᠤᠨ ᠬᠡᠰᠡᠭ ᠵᠠᠮ ᠤᠨ ᠬᠡᠰᠡᠭ ᠲᠤ ᠪᠠᠰᠠ ᠵᠠᠮ ᠤᠨ ᠳ᠋ᠧᠩ ᠲᠠᠭᠠᠷᠠᠭᠤᠯᠤᠭᠠᠳᠤᠶ᠂ ᠰᠠᠭᠤᠭᠠᠯᠢ ᠠᠷᠠᠳ ᠢᠯᠠᠩᠭᠤᠶ᠎ᠠ ᠣᠯᠠᠩᠬᠢ ᠨᠠᠰᠤᠲᠠᠶᠢᠴᠤᠳ ᠪᠠ ᠬᠡᠦᠬᠡᠳ ᠪᠠᠭᠠᠴᠤᠳ ᠰᠥᠨᠢ ᠪᠠᠷ ᠭᠠᠳᠠᠭᠰᠢ ᠭᠠᠷᠬᠤ ᠳᠤ ᠮᠠᠰᠢ ᠳᠥᠭᠦᠮ ᠦᠭᠡᠢ ᠪᠠᠶᠢᠵᠤ᠂ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠤᠯᠵᠤ ᠮᠡᠳᠡᠪᠡ᠃ ᠰᠠᠭᠤᠭᠠᠯᠢ ᠠᠷᠠᠳ ᠤᠨ ᠰᠥᠨᠢ ᠪᠠᠷ ᠶᠠᠪᠤᠵᠤ ᠰᠠᠭᠤᠬᠤ ᠭᠡᠷᠡᠯᠲᠦᠭᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨ ᠲᠤᠬᠠᠢ ᠶᠢᠨ ᠭᠠᠵᠠᠷ ᠲᠤᠨᠢ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠴᠠᠭ ᠲᠤᠬᠠᠢ  ᠳᠤᠨᠢ ᠮᠡᠳᠡᠭᠦᠯᠦᠨ᠂ ᠬᠤᠯᠪᠣᠭᠳᠠᠯ ᠪᠦᠬᠦᠢ ᠨᠢᠭᠡᠴᠡ ᠲᠠᠢ ᠢᠳᠡᠪᠬᠢᠲᠡᠢ ᠬᠠᠷᠢᠯᠴᠠᠵᠤ᠂ ᠰᠢᠢᠳᠪᠦᠷᠢᠯᠡᠬᠦ ᠲᠥᠰᠥᠯ ᠲᠣᠭᠲᠠᠭᠠᠨ᠂ ᠵᠠᠮ ᠤᠨ ᠳ᠋ᠧᠩ ᠠᠷᠪᠠ ᠭᠠᠷᠤᠢ ᠲᠠᠭᠠᠷᠠᠭᠤᠯᠵᠤ᠂ 200 ᠭᠠᠷᠤᠢ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠪᠡ᠃
 ᠵᠠᠮ ᠤᠨ ᠳ᠋ᠧᠩ ᠢ ᠰᠢᠨ᠎ᠡ ᠪᠠᠷ ᠤᠭᠰᠠᠷᠠᠬᠤ ᠶᠠᠪᠤᠳᠠᠯ ᠢ ᠳᠤᠷᠠᠳᠬᠤ ᠳᠤ᠂ ︽ᠮᠠᠨ ᠤ ᠠᠳᠡ ᠵᠠᠮ ᠤᠨ ᠳ᠋ᠧᠩ ᠲᠠᠭᠠᠷᠠᠭᠤᠯᠬᠤ ᠠᠴᠠ ᠡᠮᠦᠨ᠎ᠡ᠂ ᠵᠠᠮ ᠪᠦᠷ ᠬᠠᠪ ᠬᠠᠷᠠᠩᠭᠤᠢ ᠪᠠᠶᠢᠭᠰᠠᠨ᠂ ᠣᠷᠣᠢ ᠶᠢᠨ ᠬᠤᠭᠤᠯᠠ ᠪᠠᠨ ᠢᠳᠡᠵᠦ ᠪᠠᠷᠠᠭᠠᠳ ᠭᠠᠳᠠᠭᠰᠢ ᠭᠠᠷᠴᠤ ᠰᠡᠯᠡᠭᠦᠴᠡᠨ ᠠᠯᠬᠤᠬᠤ ᠳᠤ ᠴᠤ ᠳᠥᠭᠦᠮ ᠦᠭᠡᠢ ᠪᠠᠶᠢᠵᠤ᠂ ᠵᠠᠮ ᠤᠨ ᠳ᠋ᠧᠩ ᠲᠠᠭᠠᠷᠠᠭᠤᠯᠤᠭᠰᠠᠨ ᠠᠴᠠ ᠠᠪᠤᠭᠠᠳ ᠭᠠᠵᠠᠷ ᠪᠣᠯᠭᠠᠨ ᠳᠤ ᠪᠦᠷ ᠭᠡᠭᠡᠭᠡᠨ ᠪᠤᠯᠵᠤ᠂ ᠣᠯᠠᠨ ᠢᠶᠠᠷ ᠢᠶᠠᠨ ᠣᠷᠣᠢ ᠳᠠᠭᠠᠨ ᠭᠠᠳᠠᠭᠰᠢ ᠭᠠᠷᠬᠤ ᠳᠠᠭᠠᠨ ᠬᠠᠷᠠᠩᠭᠤᠢ ᠪᠠᠷ ᠲᠡᠮᠲᠡᠷᠢᠬᠦ ᠬᠡᠷᠡᠭ ᠦᠭᠡᠢ᠂ ᠠᠮᠤᠷ ᠲᠦᠪᠰᠢᠨ ᠤ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠠᠢ︾ ᠬᠡᠵᠦ ᠪᠸᠢᠢᠱᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠠᠷᠲᠠᠢ ᠪᠠᠷ ᠶᠠᠷᠢᠵᠤ ᠪᠠᠶᠢᠯ᠎ᠠ᠃
   ᠵᠠᠮ ᠤᠨ ᠳ᠋ᠧᠩ ᠤᠨ ᠠᠰᠠᠭᠤᠳᠠᠯ ᠨᠢ ᠪᠠᠭ᠎ᠠ ᠶᠠᠪᠤᠳᠠᠯ ᠪᠣᠯᠪᠠᠴᠤ ᠠᠷᠠᠳ ᠤᠨ ᠶᠡᠭᠡ ᠠᠮᠢᠳᠤᠷᠠᠯ ᠳᠤ ᠬᠤᠯᠪᠣᠭᠳᠠᠨ᠎ᠠ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠸᠢᠢᠴᠧᠩ ᠲᠣᠭᠤᠷᠢᠭ ᠤᠨ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠬᠢᠨ ᠤᠯᠠᠨ ᠲᠦᠮᠡᠨ ᠤ ᠳᠡᠷᠭᠡᠳᠡᠬᠢ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ︽ᠳᠡᠭᠡᠭᠰᠢ ᠰᠤᠷᠪᠤᠯᠵᠢᠯᠠᠬᠤ︾ ᠶᠢ ︽ᠳᠣᠷᠣᠭᠰᠢ ᠪᠠᠭᠤᠵᠤ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠰᠠᠭᠤᠳᠠᠯ ᠤᠨ ᠰᠦᠪᠡᠭᠴᠢ ᠶᠢ ᠣᠶᠢᠯᠠᠭᠠᠨ ᠵᠢᠭᠰᠠᠭᠠᠵᠤ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠰᠠᠶᠢᠨ ᠶᠠᠪᠤᠳᠠᠯ ᠬᠢᠬᠦ᠂ ᠪᠣᠳᠠᠲᠠᠢ ᠶᠠᠪᠤᠳᠠᠯ ᠬᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠪᠠᠴᠢᠮᠳᠠᠨ ᠬᠦᠴᠢᠷᠳᠡᠵᠦ ᠵᠤᠪᠠᠨ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ᠂ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3