| 12 ᠰᠠᠷ᠎ᠠ ᠶᠢᠨ 19 ᠤ ᠡᠳᠦᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠨᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠲᠠᠢ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠪᠤᠯᠤᠨ ᠬᠤᠲᠠ ᠶᠢᠨ ᠠᠷᠠᠳ ᠤᠨ | ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠪᠠᠶᠢᠭᠤᠯᠤᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ | ᠨᠢᠭᠡ ᠯᠡ ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨ ᠵᠢᠩᠬᠢᠨᠢ ᠫᠠᠶᠢᠰᠠ ᠰᠡᠬᠦᠨ | ᠠᠵᠢᠯ ᠢᠶᠠᠨ ᠶᠠᠪᠤᠬᠳᠠᠭᠤᠯᠪᠠ᠃ | | ᠨᠢᠭᠡ ᠯᠡ ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯᠴᠢᠨ ᠤ ᠡᠪᠯᠡᠯ᠂ ᠬᠠᠤᠯᠢ ᠴᠠᠭᠠᠵᠠ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ ᠵᠡᠷᠭᠡ ᠤᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠶᠡᠳᠡᠭᠦᠯᠬᠦ᠂ | ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠵᠡᠷᠭᠡ ᠶᠢ ᠣᠷᠭᠠᠨᠢᠭ ᠢᠶᠠᠷ ᠤᠶᠠᠯᠳᠤᠭᠤᠯᠵᠤ᠂ ︽ᠲᠠᠪᠤ ᠶᠢ ᠨᠢᠭᠡ | ᠴᠣᠭᠴᠠᠵᠢᠭᠤᠯᠤᠭᠰᠠᠨ᠂ ᠳᠣᠲᠣᠭᠠᠳᠤ ᠳᠠᠭᠠᠨ ᠬᠤᠯᠪᠤᠭᠠᠯᠠᠨ ᠬᠥᠳᠡᠯᠦᠯᠴᠡᠭᠰᠡᠨ᠂ ᠤᠯᠠᠨ ᠡᠰᠢᠵᠢᠭᠰᠡᠨ᠂ ᠨᠢᠭᠡ ᠯᠡ | ᠥᠷᠲᠡᠭᠡᠨ ᠳᠤ ᠦᠢᠯᠡᠴᠢᠯᠡᠭᠰᠡᠨ︾ ᠬᠤᠯᠪᠤᠭᠠᠯᠠᠨ ᠬᠥᠳᠡᠯᠦᠯᠴᠡᠵᠦ ᠡᠶᠡᠳᠡᠭᠦᠯᠦᠨ ᠰᠢᠢᠳᠪᠦᠷᠢᠯᠡᠬᠦ ᠰᠢᠨ᠎ᠡ | ᠪᠠᠶᠢᠷᠢᠰᠢᠯ ᠢ ᠪᠤᠢ ᠪᠤᠯᠭᠠᠨ᠂ ᠬᠥᠳᠡᠯᠮᠦᠷᠢ ᠶᠢᠨ ᠬᠠᠷᠢᠴᠠᠭ᠎ᠠ ᠶᠢᠨ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ᠂ ᠬᠤᠳᠠᠯᠳᠤᠭ᠎ᠠ ᠡᠵᠡᠩᠨᠡᠬᠦ ᠨᠡᠩ ᠰᠢᠯᠢᠳᠡᠭ ᠣᠷᠴᠢᠨ | ᠨᠥᠬᠦᠴᠡᠯ ᠢ ᠪᠤᠢ ᠪᠣᠯᠭᠠᠬᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠪᠦᠷ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠲᠤᠰ ᠠᠵᠢᠯ ᠤᠨ ᠲᠠᠪᠴᠠᠩ ᠨᠢ ᠬᠠᠤᠯᠢᠴᠢ᠂ ᠬᠠᠤᠯᠢ ᠴᠠᠭᠠᠵᠠ ᠶᠢᠨ ᠠᠵᠢᠯᠲᠠᠨ᠂ ᠠᠵᠢᠯ ᠠᠴᠠ ᠪᠠᠨ | ᠠᠮᠠᠷᠠᠭᠰᠠᠨ ᠰᠢᠭᠦᠭᠴᠢ ᠵᠡᠷᠭᠡ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠶᠢ | ᠰᠢᠩᠭᠡᠬᠡᠨ ᠠᠪᠴᠤ᠂ ᠡᠶᠡᠳᠡᠭᠦᠯᠦᠭᠴᠢ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ | ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠳᠤ ᠲᠤᠰᠬᠠᠢ ᠮᠡᠷᠭᠡᠵᠢᠯ ᠤᠨ | ᠯᠠᠪᠯᠠᠭ᠎ᠠ ᠵᠢᠯᠣᠭᠤᠳᠤᠯᠭ᠎ᠠ ᠪᠠ ᠪᠤᠯᠪᠠᠰᠤᠷᠠᠭᠤᠯᠤᠯ ᠬᠠᠩᠭᠠᠪᠠ᠃ | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠨᠢᠭᠡ ᠯᠡ | ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠤᠭᠳᠠᠬᠤ ᠪᠠᠷ ᠠᠵᠠ ᠲᠣᠬᠢᠶᠠᠯ | ᠪᠣᠯᠭᠠᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠵᠠᠭᠠᠯᠳᠤᠬᠤ ᠲᠠᠰᠤᠯᠬᠤ ᠵᠣᠬᠢᠴᠠᠭᠤᠯᠬᠤ | ᠠᠵᠢᠯ ᠤᠨ ᠲᠠᠰᠤᠭ ᠤᠨ ᠡᠶᠡᠳᠡᠭᠦᠯᠬᠦ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠠᠭᠤᠰᠤᠯᠴᠠᠭᠤᠯᠵᠤ᠂ | ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠵᠢᠭᠤᠷᠠᠯᠳᠤᠭᠠᠨ ᠢ ᠨᠠᠮᠳᠠᠭᠤᠯᠵᠤ᠂ ᠲᠤᠬᠠᠢ ᠶᠢᠨ ᠬᠥᠮᠥᠨ ᠤ | ᠡᠷᠬᠡ ᠪᠠᠨ ᠬᠠᠮᠠᠭᠠᠯᠠᠬᠤ ᠵᠠᠷᠭᠤ ᠶᠢᠨ ᠶᠠᠳᠠᠷᠠᠭ᠎ᠠ ᠶᠢ ᠪᠠᠭᠠᠰᠬᠠᠨ᠂ ᠬᠥᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠠᠷᠢᠯᠭᠠᠵᠤ᠂ ᠬᠥᠳᠡᠯᠮᠦᠷᠢ ᠶᠢᠨ | ᠡᠷᠬᠡ ᠪᠠᠨ ᠬᠠᠮᠠᠭᠠᠯᠠᠬᠤ ᠪᠦᠬᠦ ᠲᠠᠯ᠎ᠠ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠪᠠᠶᠢᠭᠤᠯᠵᠤ᠂ | ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠨᠡᠬᠦ ᠬᠠᠮᠠᠭᠠᠯᠠᠪᠠ᠃ | | ᠵᠣᠬᠢᠶᠠᠭᠴᠢ᠄ ᠵᠢᠶᠠ ᠯᠢ ᠯᠢ ᠷᠦᠢ ᠫᠢᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |