ᠯᠢ ᠶᠢᠩ ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2024/12/21
   12 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠰᠢᠪᠠᠳᠠᠨ ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠱᠢ ᠬᠦᠢ ᠵᠢᠶᠦ᠋ᠨ᠂ ᠵᠠᠩ ᠰᠢᠨ᠂ ᠸᠠᠩ ᠵᠢᠶᠠᠨ᠂ ᠵᠧᠦ ᠵᠢᠶᠠᠨ ᠫᠢᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠯᠢ ᠶᠢᠩ ᠤᠷᠢᠳ ᠬᠤᠵᠢᠳ ᠲᠤᠷᠰᠢᠯᠲᠠ ᠶᠢᠨ ᠪᠠᠭ᠎ᠠ ᠰᠤᠷᠭᠠᠭᠤᠯᠢ᠂ ᠹᠧᠩᠬᠤᠸᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠵᠢᠦᠢ ᠶᠠᠩ ᠵᠠᠮ᠂ ᠫᠦ᠋ ᠯᠥᠸᠧ ᠸᠠᠩ ᠰᠧ ᠪᠠᠭ᠎ᠠ ᠲᠣᠭᠤᠷᠢᠭ᠂ ᠶᠢᠨ ᠲᠤ ᠪᠠᠩᠰᠢ ᠶᠢᠨ ᠭᠤᠸᠠᠨᠰᠠ᠂ ᠷᠦ᠋ ᠵᠢᠶᠠ ᠵᠣᠴᠢᠳ ᠤᠨ ᠪᠠᠭᠤᠳᠠᠯ᠂ ᠭᠡᠷᠢᠨᠨᠠᠭᠤᠷ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠰᠤᠷᠭᠠᠭᠤᠯᠢ᠂ ᠪᠠᠭᠤᠳᠠᠯ᠂ ᠠᠵᠤ ᠠᠬᠤᠶᠢᠯᠠᠯ ᠵᠡᠷᠭᠡ ᠲᠠᠯᠠᠪᠤᠷ ᠤᠨ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠵᠢᠯᠯᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ᠃
   ᠯᠢ ᠶᠢᠩ ᠶᠠᠷᠢᠬᠤ ᠳᠠᠭᠠᠨ᠄ ᠢᠳᠡᠭᠡᠨ ᠤ ᠠᠮᠤᠷ ᠲᠦᠪᠰᠢᠨ ᠪᠣᠯ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠤᠯᠪᠣᠭᠳᠠᠬᠤ ᠶᠡᠭᠡ ᠶᠠᠪᠤᠳᠠᠯ ᠤᠴᠢᠷ ᠠᠴᠠ ᠡᠷᠬᠡᠪᠰᠢ ᠬᠤᠭᠤᠯᠠᠨ ᠰᠢᠷᠡᠭᠡᠨ ᠤ ᠪᠥᠬᠦ ᠶᠠᠪᠤᠴᠠ ᠶᠢ ᠬᠢᠨᠠᠨ ᠬᠠᠮᠢᠶᠠᠷᠴᠤ᠂ ᠢᠳᠡᠭᠡᠨ ᠤ ᠠᠮᠤᠷ ᠲᠦᠪᠰᠢᠨ ᠤ ᠶᠠᠮᠠᠷᠪᠠ ᠠᠳᠡᠯ ᠭᠠᠷᠬᠤ ᠶᠢ ᠲᠠᠰᠤ ᠵᠣᠭᠰᠤᠭᠠᠬᠤ ᠬᠡᠷᠡᠭᠲᠡᠢ︔ ᠡᠯ᠎ᠡ ᠭᠠᠵᠠᠷ ᠤᠨ ᠬᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠭᠡᠨᠡᠳᠲᠡ ᠶᠢᠨ ᠭᠠᠯ ᠤᠨ ᠭᠠᠮᠰᠢᠭ ᠤᠨ ᠠᠳᠡᠯ ᠭᠠᠷᠤᠭᠰᠠᠨ ᠦᠶ᠎ᠡ ᠳᠤ ᠲᠦᠷᠭᠡᠨ ᠲᠤᠰᠬᠠᠬᠤ᠂ ᠠᠮᠤᠷ ᠲᠦᠪᠰᠢᠨ ᠢᠶᠠᠷ ᠲᠠᠷᠬᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ︔ ᠡᠯ᠎ᠡ ᠵᠢᠵᠢᠭ ᠲᠣᠭᠤᠷᠢᠭ ᠤᠨ ᠮᠠᠰᠢᠨ ᠲᠡᠷᠭᠡᠨ ᠤ ᠰᠠᠷᠠᠪᠴᠢᠨ ᠳᠤ ᠴᠠᠬᠢᠯᠭᠠᠨ ᠬᠡᠷᠡᠭᠯᠡᠬᠦ ᠶᠢ ᠵᠢᠷᠤᠮᠵᠢᠭᠤᠯᠵᠤ᠂ ᠴᠠᠬᠢᠯᠭᠠᠨ ᠴᠡᠨᠡᠭᠯᠡᠬᠦ ᠬᠠᠭᠤᠴᠢᠨ ᠲᠥᠬᠦᠭᠡᠷᠦᠮᠵᠢ ᠶᠢ ᠲᠦᠷᠭᠡᠬᠡᠨ ᠨᠤᠷᠠᠭᠠᠵᠤ᠂ ᠨᠡᠩ ᠠᠶᠤᠯᠭᠦᠢ᠂ ᠨᠡᠩ ᠠᠷᠪᠢᠲᠠᠢ ᠰᠢᠨ᠎ᠡ ᠲᠥᠬᠦᠭᠡᠷᠦᠮᠵᠢ ᠶᠢ ᠬᠡᠷᠡᠭᠯᠡᠵᠦ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠰᠢᠲᠠᠮᠠᠬᠠᠢ ᠬᠡᠢ ᠬᠡᠷᠡᠭᠯᠡᠬᠦ ᠠᠵᠢᠯ ᠲᠥᠷᠥᠯ ᠤᠳ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯᠯᠠᠭᠠᠨ ᠤ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ︔ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠨᠢᠭᠲᠠ ᠬᠠᠮᠵᠢᠯᠴᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃        ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3