︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ︾
ᠨᠡᠶᠢᠲᠡᠯᠡᠭᠰᠡᠨ ᠴᠠᠭ᠄
2024/12/21
              ——  ᠬᠤᠳᠠ ᠶᠢᠨ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠬᠢᠨ ᠯᠢᠳᠦ᠋ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠦᠷᠨᠢᠭᠦᠯᠪᠡ    ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠬᠢᠨ ᠯᠢᠳᠦ᠋ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠭᠴᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠰᠬᠠᠢ ᠰᠡᠳᠦᠪ ᠤᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠬᠦ ᠶᠢᠨ ᠲᠠᠭᠠᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ ᠪᠠ ᠣᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠪᠠᠯ ᠰᠠᠶ᠋ᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃    ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ᠂ ᠨᠠᠮ ᠤᠨ ᠠᠴᠢ ᠲᠤᠰᠠ ᠶᠢ ᠰᠡᠳᠬᠢᠯ ᠤᠨ ᠤᠭ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠳᠣᠲᠣᠨᠣᠰᠤᠭ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠪᠠ᠃           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3