ᠭᠤᠸᠠᠨ ᠳᠦᠨ ᠪᠦ᠋ ᠰᠢᠶᠠᠩ ᠤᠨ ᠬᠢᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/3
   11 ᠰᠠᠷ᠎ᠠ ᠶᠢᠨ 11 ᠤ ᠡᠳᠦᠷ᠂ ᠭᠤᠸᠠᠨ ᠳᠦᠨ ᠪᠦ᠋ ᠰᠢᠶᠠᠩ ᠡᠮ ᠡᠮᠨᠡᠯᠭᠡ ᠶᠢᠨ ᠳᠠᠭᠠᠳᠬᠠᠯ ᠤᠨ  ᠰᠦᠢᠳᠭᠡᠯ ᠲᠤᠰᠢᠶᠠᠬᠤ ᠠᠵᠢᠯ ᠤᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠪᠦᠬᠦ ᠬᠤᠳᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2025 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠲᠤᠬᠠᠢ ᠲᠤᠬᠢᠷᠠᠭᠤᠯᠪᠠ᠃    ᠡᠯ᠎ᠡ ᠲᠣᠰᠬᠤᠨ ᠤ ᠠᠷᠠᠳ ᠤᠨ ᠵᠥᠪᠯᠡᠯ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ᠂ ᠨᠠᠰᠤᠲᠠᠶᠢᠴᠤᠳ᠂ ᠬᠡᠦᠬᠡᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠦᠮᠦᠰ ᠢ ᠣᠨᠴᠠᠭᠠᠶᠢᠯᠠᠨ ᠠᠩᠬᠠᠷᠴᠤ᠂ ᠳᠠᠭᠠᠳᠬᠠᠯ ᠳᠤ ᠣᠷᠣᠯᠴᠠᠬᠤ ᠡᠲᠡᠭᠡᠳ ᠢ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠬᠤ ᠬᠡᠷᠡᠭᠲᠡᠶ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠦᠶ᠋ᠳᠬᠡᠯ ᠲᠤᠰᠢᠶᠠᠬᠤ ᠶᠢ ᠬᠠᠪᠰᠤᠷᠤᠨ ᠵᠢᠯᠣᠭᠤᠳᠬᠤ ᠵᠡᠷᠭᠡ ᠬᠠᠮᠢᠶ᠎ᠠ ᠪᠥᠬᠦᠶ ᠠᠵᠢᠯ ᠢ ᠬᠦᠯᠢᠴᠡᠩᠭᠦᠶ ᠪᠠᠷ ᠨᠠᠷᠢᠨ ᠨᠢᠮᠪᠠᠶ ᠰᠠᠶᠢᠲᠤᠷ ᠬᠢᠵᠦ᠂ ᠣᠨᠴᠠᠭᠠᠶ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠢ ᠴᠢᠩᠭ᠎ᠠ ᠠᠩᠬᠠᠷᠴᠤ᠂ ᠠᠵᠢᠯᠲᠠᠨ ᠢ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠬᠤᠷᠠᠯ ᠠᠴᠠ ᠱᠠᠭᠠᠷᠳᠠᠪᠠ᠃        ᠤᠷᠴᠢᠭᠤᠯᠤᠬᠴᠢ᠄  ᠬᠠᠨ ᠰᠢᠶᠤᠤ ᠿᠦᠩ    ᠬᠢᠨᠠᠬᠴᠢ᠄  ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3