ᠯᠢ ᠱᠤ᠋ ᠸᠧᠶ ᠬᠠᠭᠤᠴᠢᠨ ᠬᠤᠲᠠ ᠶᠢᠨ ᠲᠣᠭᠤᠷᠢᠭ ᠤᠨ ᠨᠠᠨ ᠶᠤᠸᠠᠨ ᠪᠠᠭ᠎ᠠ ᠲᠣᠭᠤᠷᠢᠭ ᠲᠤ ᠭᠦᠨᠵᠡᠭᠡᠶᠢᠷᠡᠨ ᠠᠳᠠᠯ ᠠᠬᠤᠶ ᠪᠠ ᠪᠠᠭᠤᠷᠠᠶ ᠴᠠᠬᠢᠯᠭᠠᠨ ᠤᠳᠠᠰᠤᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2024/12/3
   11 ᠰᠠᠷ᠎ᠠ ᠶᠢᠨ 18 ᠤ ᠦᠳᠡ ᠶᠢᠨ ᠬᠤᠶᠢᠨ᠎ᠠ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠤ᠋ ᠸᠧᠶ ᠬᠠᠭᠤᠴᠢᠨ ᠬᠤᠲᠠ ᠶᠢᠨ ᠲᠣᠭᠤᠷᠢᠭ ᠤᠨ ᠨᠠᠨ ᠶᠤᠸᠠᠨ ᠪᠠᠭ᠎ᠠ ᠲᠣᠭᠤᠷᠢᠭ ᠲᠤ ᠭᠦᠨᠵᠡᠭᠡᠶᠢᠷᠡᠨ ᠠᠳᠠᠯ ᠠᠬᠤᠶ ᠪᠠ ᠪᠠᠭᠤᠷᠠᠶ ᠴᠠᠬᠢᠯᠭᠠᠨ ᠤ ᠱᠤᠭᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠴᠠᠭᠠᠵᠤ᠂  ᠹᠧᠩᠵᠧᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠱᠢ ᠬᠦᠶ ᠵᠢᠶᠦ᠋ᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠭᠦᠸᠧ ᠱᠤᠸᠠᠩ ᠴᠢᠤᠸᠠᠨ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠳᠠ ᠶᠢᠨ ᠲᠣᠪᠴᠢᠶᠠᠨ ᠤ ᠳᠠᠷᠤᠭ᠎ᠠ ᠯᠢ ᠬᠤᠸᠠ ᠠᠵᠢᠯ ᠪᠠᠶᠢᠴᠠᠭᠠᠬᠤ ᠳᠤ ᠣᠷᠣᠯᠴᠠᠵᠤ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠸᠠᠩ ᠭᠤᠸᠠᠨ ᠢᠦᠶ᠂ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠦ ᠰᠢᠤᠸᠠᠢ ᠹᠧᠩ ᠪᠠᠷ᠎ᠠ ᠪᠣᠯᠪᠠ᠃    ᠯᠢ ᠱᠤ᠋ ᠸᠧᠢ ᠨᠠᠨ ᠶᠤᠸᠠᠨ ᠪᠠᠭ᠎ᠠ ᠲᠣᠭᠤᠷᠢᠭ ᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠠᠰᠠᠭᠤᠳᠠᠯ ᠢ ᠰᠢᠢᠳᠪᠦᠷᠢᠯᠡᠬᠦ ᠲᠥᠰᠦᠯ ᠢ ᠵᠥᠪᠳᠡᠯᠴᠡᠬᠦ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠲᠤᠰᠢᠶᠠᠨ ᠥᠭᠴᠦ ᠰᠢᠢᠳᠪᠦᠷᠢᠯᠡᠭᠦᠯᠪᠡ᠃ ᠬᠠᠭᠤᠴᠢᠨ ᠬᠤᠲᠠ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠭᠤᠸᠠᠨ ᠢᠦᠶ ᠵᠢᠵᠢᠭ ᠲᠣᠭᠤᠷᠢᠭ ᠤᠨ ᠠᠳᠠᠯ ᠠᠬᠤᠶ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ ᠪᠠᠭᠤᠷᠠᠶ ᠴᠠᠬᠢᠯᠭᠠᠨ ᠤ ᠱᠤᠭᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠠᠷᠠᠭᠠᠴᠢ ᠶᠢᠨ ᠱᠠᠲᠤᠨ ᠤ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃    ᠯᠢ ᠱᠤ᠋ ᠸᠧᠢ᠄ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠨᠢ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠴᠢᠬᠤᠯᠠ ᠬᠦᠴᠦᠨ ᠪᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠶᠡᠬᠡᠪᠡᠷ ᠠᠬᠢᠭᠤᠯᠵᠤ᠂ ᠣᠨᠴᠠᠭᠠᠢ ᠬᠠᠮᠲᠤᠯᠢᠭ ᠪᠠ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ ᠪᠠ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤᠯᠠᠬᠤ ᠦᠢᠯᠡᠳᠦᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠲᠣᠣᠷ ᠤᠨ ᠰᠠᠭᠤᠷᠢ ᠶᠢ ᠪᠠᠲᠤ ᠰᠠᠬᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃     ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠪᠠᠭᠤᠷᠠᠢ ᠴᠠᠬᠢᠯᠭᠠᠨ ᠤᠳᠠᠰᠤᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠡᠷᠡᠰ ᠭᠤᠶᠢᠪᠢᠰᠢ ᠦᠭᠡᠢ ᠠᠬᠢᠭᠤᠯᠤᠨ᠂ ᠬᠠᠷᠠᠯᠲᠠ ᠶᠢᠨ ᠡᠭᠦᠷᠭᠡ᠂ ᠠᠵᠢᠯ ᠤᠨ ᠪᠠᠷᠢᠮᠵᠢᠶ᠎ᠠ᠂ ᠴᠠᠭ ᠤᠨ ᠵᠠᠩᠭᠢᠯᠠᠭ᠎ᠠ ᠴᠡᠭ ᠪᠠ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠠᠭᠤᠷᠠᠶ ᠴᠠᠬᠢᠯᠭᠠᠨ ᠤ ᠱᠤᠭᠤᠮ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠤᠬᠢᠷᠠᠭᠤᠯᠤᠯᠲᠠ ᠬᠢᠵᠦ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠵᠤ᠂ ᠰᠢᠰᠲ᠋ᠧᠮ ᠲᠠᠢ ᠲᠥᠯᠥᠪᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠬᠦᠯᠦᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠠᠵᠢᠯ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠥᠨᠳᠥᠷ ᠪᠦᠲᠦᠮᠵᠢᠲᠡᠢ ᠪᠠᠷ ᠠᠬᠢᠭᠤᠯᠵᠤ᠂ ᠰᠠᠭᠤᠭᠠᠯᠢ ᠠᠷᠠᠳ ᠲᠤ ᠨᠡᠩ ᠠᠮᠤᠷ ᠲᠦᠪᠰᠢᠨ᠂ ᠨᠡᠩ ᠭᠤᠶᠤ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠬᠡᠵᠦ ᠯᠢ ᠱᠤ᠋ ᠸᠧᠢ  ᠴᠢᠬᠤᠯᠠᠴᠢᠯᠠᠪᠠ᠃    ᠤᠷᠴᠢᠭᠤᠯᠤᠬᠴᠢ᠄  ᠬᠠᠨ ᠰᠢᠶᠤᠤ ᠿᠦᠩ    ᠬᠢᠨᠠᠬᠴᠢ᠄  ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3