| 11 ᠰᠠᠷ᠎ᠠ ᠶᠢᠨ 29 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠢᠦᠢ ᠴᠧᠩ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ | ᠳᠤᠭᠤᠶᠢᠯᠠᠩ ᠢ ᠳᠠᠭᠠᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ | ᠠᠵᠢᠯ ᠤᠨ ᠵᠥᠪᠯᠡᠯ᠂ ᠬᠤᠲᠠ ᠶᠢᠨ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠪᠣᠯᠣᠨ ᠹᠧᠩᠵᠧᠨ ᠳᠤ | ᠰᠠᠭᠤᠭ᠎ᠠ ᠤᠯᠠᠭᠠᠨᠴᠠᠪ ᠤᠨ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠹᠧᠩᠵᠧᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷ ᠤᠷᠤᠯᠴᠠᠪᠠ᠃ | | | | | | | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ | ᠲᠣᠭᠤᠷᠢᠭ᠂ ᠰᠤᠷᠭᠠᠭᠤᠯᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ | ᠰᠣᠨᠣᠰᠬᠤ᠂ ᠲᠤᠬᠠᠢ ᠶᠢᠨ ᠲᠠᠯᠠᠪᠤᠷ ᠲᠤᠨᠢ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠮᠠᠨ ᠤ ᠬᠤᠲᠠ ᠳᠤ ᠲᠤᠭᠤᠰᠢᠯᠠᠭᠤᠯᠤᠨ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃ | ᠪᠠᠶᠢᠴᠠᠭᠠᠬᠤ ᠳᠤᠭᠤᠶᠢᠯᠠᠩ ᠠᠴᠠ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ᠂ ᠬᠠᠤᠯᠢ ᠲᠣᠭᠲᠠᠭᠠᠯ ᠶᠣᠰᠣᠭᠠᠷ ︽ᠳᠦᠷᠢᠮ︾ ᠤᠨ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ | ᠨᠠᠷᠢᠨ ᠨᠠᠶᠢᠳᠠᠪᠤᠷᠢᠵᠢᠭᠤᠯᠵᠤ᠂ ᠵᠢᠱᠢᠶᠡᠴᠢ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠦᠨᠡᠨᠬᠦ ᠢᠯᠡᠷᠡᠬᠦᠯᠦᠨ᠂ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ | ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ | ᠬᠥᠭᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠭᠡᠬᠦ ᠡᠨᠡᠬᠦ ᠠᠯᠲᠠᠨ ᠦᠰᠦᠭᠲᠦ ᠫᠠᠶᠢᠰᠠ ᠶᠢ ᠭᠡᠷᠡᠯᠳᠦᠬᠦᠯᠬᠦ ᠬᠡᠷᠡᠭᠲᠡᠢ ᠬᠡᠵᠦ ᠴᠢᠬᠤᠯᠠᠴᠢᠯᠠᠪᠠ᠃ | | | | | ᠵᠣᠬᠢᠶᠠᠭᠴᠢ᠄ ᠭᠦᠸᠧ ᠬᠤᠶ ᠮᠢᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |