| 2024 ᠣᠨ ᠤ 12 ᠰᠠᠷ᠎ᠠ ᠶᠢᠨ 1 ᠤ ᠡᠳᠦᠷ ᠪᠣᠯ 37 ᠳ᠋ᠤᠭᠠᠷ ︽ᠳᠡᠯᠡᠬᠡᠢ ᠶᠢᠨ ᠠᠶᠢᠽ ᠡᠪᠡᠳᠴᠢᠨ ᠤ | ᠡᠳᠦᠷ︾ ᠪᠠᠶᠢᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ | ᠲᠦᠯᠦᠭᠡ᠂ 11 ᠰᠠᠷ᠎ᠠ ᠶᠢᠨ 29 ᠤ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠡᠮᠡᠭᠲᠡᠶᠢᠴᠦᠳ ᠨᠢᠯᠬᠠᠰ ᠤᠨ ᠪᠠ ᠲᠥᠯᠥᠪᠯᠡᠭᠡᠲᠦ | ᠦᠷᠡᠵᠢᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ | ᠶᠡᠭᠡ ᠠᠩᠭᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠨᠢᠭᠡᠴᠡ ᠶᠢᠨ ᠬᠢᠨ ᠬᠠᠮᠲᠤᠷᠠᠨ ᠠᠷᠠᠳ ᠤᠨ | ᠴᠡᠴᠡᠷᠯᠢᠭ ᠲᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠡᠨᠡ ᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠨᠡᠶᠢᠭᠡᠮ ᠨᠡᠶᠢᠲᠡ ᠪᠠᠷ ᠢᠶᠠᠨ ᠬᠠᠮᠳᠤᠪᠠᠷ ᠵᠠᠰᠠᠵᠤ᠂ ᠠᠶᠢᠽ | ᠡᠪᠡᠳᠴᠢᠨ ᠢ ᠡᠴᠦᠰᠯᠡᠭᠦᠯᠵᠦ᠂ ᠡᠷᠡᠭᠦᠯ ᠮᠡᠨᠳᠦ ᠶᠢ ᠬᠠᠮᠳᠤᠪᠠᠷ ᠡᠳ᠋ᠯᠡᠬᠦ︾ ᠪᠣᠯᠣᠨ᠎ᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠡᠯᠭᠦᠭᠡ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ | ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠶᠢᠽ ᠡᠪᠡᠳᠴᠢᠨ ᠤ ᠪᠠᠶᠢᠳᠠᠯ᠂ ᠬᠠᠯᠳᠠᠪᠤᠷᠢᠯᠠᠬᠤ ᠠᠷᠭ᠎ᠠ | ᠵᠠᠮ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠦᠭᠡᠮᠡᠯᠵᠢᠭᠦᠯᠪᠡ᠃ ᠬᠤᠲᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠪᠠᠰᠠ ᠵᠣᠴᠢᠳ ᠤᠨ ᠪᠠᠭᠤᠳᠠᠯ᠂ ᠬᠤᠷᠢᠭᠤᠯ ᠤᠨ ᠭᠠᠵᠠᠷ ᠵᠡᠷᠭᠡ | ᠭᠠᠵᠠᠷ ᠲᠤ ᠭᠦᠨᠵᠡᠭᠡᠶᠢᠷᠡᠵᠦ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ | ᠥᠷᠨᠢᠭᠦᠯᠬᠦ ᠶᠢᠨ ᠬᠠᠮᠲᠤ ᠤᠬᠠᠭᠤᠯᠭ᠎ᠠ ᠶᠢᠨ ᠵᠠᠷᠯᠠᠯ ᠨᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ | ᠡᠳ᠋ ᠵᠢᠴᠢ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ ᠤᠨ ᠬᠡᠷᠡᠭᠰᠡᠯ ᠵᠡᠷᠭᠡ ᠶᠢ ᠲᠠᠷᠬᠠᠭᠠᠵᠤ᠂ ᠠᠶᠤᠯ ᠶᠡᠬᠡᠲᠡᠢ | ᠬᠥᠮᠥᠰ ᠲᠤ ᠬᠢᠬᠦ ᠴᠢᠬᠤᠯᠠᠳᠠᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ | ᠭᠤᠣᠯᠳᠠᠯᠭ᠎ᠠ ᠲᠠᠢ ᠪᠠᠷ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ | ᠰᠠᠶᠢᠬᠠᠨ᠂ ᠵᠥᠪ ᠣᠨᠣᠪᠴᠢᠲᠠᠶ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠥᠪᠡᠷ ᠢ ᠪᠠᠨ ᠬᠠᠮᠠᠭᠠᠯᠠᠬᠤ | ᠤᠬᠠᠮᠰᠠᠷ ᠪᠠ ᠴᠢᠳᠠᠪᠤᠷᠢ ᠶᠢ ᠨᠢ ᠨᠡᠮᠡᠭᠳᠡᠭᠦᠯᠦᠨ ᠳᠡᠭᠡᠭᠰᠢᠯᠡᠭᠦᠯᠪᠡ᠃ | | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠬᠥᠳᠡᠯᠦᠯᠴᠡᠨ᠂ ᠠᠶᠢᠽ | ᠡᠪᠡᠳᠴᠢᠨ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ | ᠢᠳᠡᠪᠬᠢᠲᠡᠢ ᠣᠷᠣᠯᠴᠠᠨ᠂ ᠠᠶᠢᠽ ᠡᠪᠡᠳᠴᠢᠨ ᠢ ᠰᠡᠷᠭᠡᠶᠢᠯᠡᠬᠦ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠵᠦ᠂ | ᠠᠶᠢᠽ ᠡᠪᠡᠳᠴᠢᠨ ᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠪᠠᠬᠢ ᠪᠠᠶᠢᠭᠤᠯᠵᠤ᠂ 2030 | ᠣᠨ ᠳᠤ ᠠᠶᠢᠽ ᠡᠪᠡᠳᠴᠢᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠦᠷᠳᠡᠭᠦᠯᠦᠯ ᠢ ᠡᠴᠦᠰᠯᠡᠭᠦᠯᠬᠦ | ᠬᠠᠷᠠᠯᠲᠠ ᠳᠠᠰᠢ ᠣᠮᠤᠭ ᠲᠡᠭᠦᠯᠳᠡᠷ ᠢᠶᠠᠷ ᠤᠷᠤᠭᠰᠢᠯᠠᠵᠤ᠂ ᠡᠷᠡᠭᠦᠯ ᠡᠩᠬᠡ ᠳᠤᠮᠳᠠᠳᠤ ᠤᠯᠤᠰ ᠢ ᠬᠠᠮᠲᠤ ᠪᠠᠷ | ᠪᠦᠲᠦᠭᠡᠨ ᠪᠠᠶᠢᠭᠤᠯᠵᠤ᠂ ᠡᠷᠡᠭᠦᠯ ᠮᠡᠨᠳᠦ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠤᠷᠢᠶᠠᠯᠠᠬᠤ ᠶᠢᠨ | ᠲᠥᠯᠥᠭᠡ ᠶᠤᠮ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |