ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠯᠴᠠᠨ ᠬᠠᠮᠳᠤᠪᠠᠷ ᠴᠤᠭᠴᠠᠯᠠᠨ᠎ᠠ
ᠨᠡᠶᠢᠲᠡᠯᠡᠭᠰᠡᠨ ᠴᠠᠭ᠄
2024/12/3
              —— ᠹᠧᠩᠵᠧᠨ ᠬᠤᠲᠠ ᠶᠢᠨ ᠠᠷᠪᠠᠨ ᠭᠤᠷᠪᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠠᠪᠤᠬᠳᠠᠪᠠ    12 ᠰᠠᠷ᠎ᠠ ᠶᠢᠨ 2 ᠤᠨ ᠡᠳᠦᠷ᠂ ᠹᠧᠩᠵᠧᠨ ᠬᠤᠲᠠ ᠶᠢᠨ ᠬᠢᠨ ᠠᠷᠪᠠᠨ ᠭᠤᠷᠪᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ  ᠶᠠᠪᠤᠭᠳᠠᠭᠤᠯᠪᠠ᠃
   ᠠᠵᠢᠯᠯᠠᠭ᠎ᠠ ᠶᠢᠨ ᠳᠤᠮᠳᠠ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ  ᠶᠢᠨ ᠬᠢᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠢᠳᠡᠪᠬᠢᠲᠡᠢ ᠠᠵᠢᠯᠯᠠᠭ᠎ᠠ ᠠᠪᠴᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠳᠠᠭ᠂ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠳᠤᠭᠤᠯᠠᠭ᠎ᠠ ᠵᠡᠭᠦᠭᠰᠡᠨ ᠰᠠᠭᠤᠭᠠᠯᠢ ᠠᠷᠠᠳ ᠲᠤ ᠬᠥᠭᠡᠷᠦᠬᠦᠨ ︽ᠵᠠᠮ ᠬᠠᠷᠢᠯᠴᠠᠭᠠᠨ ᠤ ᠴᠠᠭᠳᠠᠭ᠎ᠠ ᠪᠠᠮᠪᠤᠷᠰᠢ︾ ᠬᠡᠦᠬᠡᠯᠳᠡᠢ ᠶᠢ ᠬᠦᠷᠭᠡᠵᠦ᠂ ᠲᠡᠳᠡᠨ ᠤ ᠪᠣᠯᠪᠠᠰᠤᠨ ᠠᠵᠢᠯᠯᠠᠭ᠎ᠠ ᠶᠢᠨ ᠱᠠᠩᠨᠠᠯ ᠪᠠ ᠨᠤᠲᠠᠯᠠᠯᠲᠠ ᠪᠤᠯᠭᠠᠪᠠ᠃ᠡᠨᠡᠬᠦ ᠵᠥᠪ ᠲᠠᠯ᠎ᠠ ᠶᠢᠨ ᠵᠣᠷᠢᠭᠵᠢᠭᠤᠯᠤᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠨᠢ ᠵᠠᠮ ᠬᠠᠷᠢᠯᠴᠠᠭᠠᠨ ᠤ ᠳᠦᠷᠢᠮ ᠢ ᠣᠯᠠᠨ ᠢᠶᠠᠷ ᠢᠶᠠᠨ ᠬᠦᠨᠳᠦᠳᠬᠡᠬᠦ ᠬᠡᠮᠵᠢᠶ᠎ᠡ ᠶᠢ ᠠᠶᠠᠨᠳᠠᠭᠠᠨ ᠨᠡᠮᠡᠭᠳᠡᠭᠦᠯᠪᠡ᠃         ᠵᠣᠬᠢᠶᠠᠭᠴᠢ᠄ ᠶᠠᠨ ᠰᠢᠶᠠ ᠹᠧᠢ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3