| —— ᠯᠢᠳᠦ᠋ ᠨᠡᠶᠢᠭᠡᠮ ᠲᠤᠭᠤᠷᠢᠭ ᠤᠨ ᠬᠢᠨ ︽ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ | ᠬᠠᠮᠳᠤᠪᠠᠷ ᠬᠦᠰᠡᠯ ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ ᠰᠠᠶᠢᠬᠠᠨ ᠭᠡᠷ ᠤᠷᠤᠨ ᠤ ᠶᠠᠷᠢᠶᠠᠨ ᠤ ᠰᠢᠨ᠎ᠡ | ᠰᠤᠷᠳᠠᠯ︾ ᠭᠡᠬᠦ ᠤᠷᠠᠨ ᠰᠠᠶᠢᠬᠠᠨ ᠤ ᠬᠠᠮᠲᠤᠷᠠᠭᠰᠠᠨ ᠲᠤᠭᠯᠠᠯᠲᠠ ᠦᠷᠨᠢᠭᠦᠯᠪᠡ | | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ 12 ᠰᠠᠷ᠎ᠠ ᠶᠢᠨ 27 ᠤ | ᠡᠳᠦᠷ᠂ ᠯᠢᠳᠦ᠋ ᠨᠡᠶᠢᠭᠡᠮ ᠲᠣᠭᠤᠷᠢᠭ ᠤᠨ ᠬᠢᠨ ︽ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ ᠬᠠᠮᠳᠤᠪᠠᠷ ᠬᠦᠰᠡᠯ | ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ ᠰᠠᠶᠢᠬᠠᠨ ᠭᠡᠷ ᠤᠷᠤᠨ ᠤ ᠶᠠᠷᠢᠶᠠᠨ ᠤ ᠰᠢᠨ᠎ᠡ ᠰᠤᠷᠳᠠᠯ︾ ᠢᠶᠠᠷ ᠭᠤᠣᠯ | ᠰᠡᠳᠦᠪ ᠪᠣᠯᠭᠠᠭᠰᠠᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠤᠯᠠᠨ | ᠵᠦᠢᠯ ᠤᠨ ᠬᠡᠯᠪᠡᠷᠢ ᠪᠠᠷ ᠰᠠᠶᠢᠨ ᠰᠠᠶᠢᠬᠠᠨ ᠰᠢᠨ᠎ᠡ ᠠᠮᠢᠳᠤᠷᠠᠯ ᠢ ᠮᠠᠭᠲᠠᠨ ᠳᠠᠭᠤᠯᠠᠵᠤ᠂ ᠨᠠᠮ ᠤᠨ ᠭᠡᠰᠢᠭᠦᠨ ᠤᠯᠠᠨ | ᠲᠦᠮᠡᠨ ᠪᠠᠰᠠ ᠶᠠᠷᠢᠯᠴᠠᠬᠤ ᠬᠡᠯᠪᠡᠷᠢ ᠪᠠᠷ ᠥᠩᠭᠡᠷᠡᠭᠰᠡᠨ ᠢᠶᠠᠨ ᠡᠷᠭᠢᠴᠡᠭᠦᠯᠵᠦ᠂ ᠨᠡᠶᠢᠭᠡᠮ ᠲᠣᠭᠤᠷᠢᠭ ᠤᠨ | ᠬᠥᠭᠵᠢᠯᠲᠡ ᠪᠠ ᠡᠶᠡᠯᠳᠡᠭ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠭᠤᠵᠢᠷᠠᠲᠠᠯ᠎ᠠ | ᠶᠠᠷᠢᠯᠴᠠᠪᠠ᠃ | | ᠠᠯᠲᠠᠨ ᠯᠣᠣ ᠬᠠᠭᠤᠴᠢᠨ ᠵᠢᠯ ᠢᠶᠠᠨ ᠦᠳᠡᠵᠦ᠂ ᠮᠥᠩᠭᠦᠨ ᠮᠣᠭᠠᠢ ᠴᠠᠭᠠᠨ ᠰᠠᠷ᠎ᠠ ᠪᠠᠨ ᠤᠬᠳᠤᠨ᠂ ᠥᠯᠵᠡᠢ | ᠪᠡᠯᠭᠡ ᠶᠢ ᠤᠶᠠᠩᠭᠠᠯᠠᠨ ᠳᠠᠭᠤᠯᠠᠵᠤ᠂ ᠵᠣᠯ ᠵᠢᠷᠭᠠᠯ ᠢ ᠪᠡᠯᠭᠡᠯᠡᠨ ᠪᠥᠵᠢᠭᠯᠡᠨ᠎ᠡ᠃ ᠲᠣᠰ ᠤᠳᠠᠭᠠᠨ ᠤ ᠲᠣᠭᠯᠠᠯᠲᠠ ᠨᠢ | ᠭᠤᠶᠢᠳᠠ ᠰᠠᠶᠢᠬᠠᠨ ᠪᠠᠶᠢᠵᠤ᠂ ᠪᠥᠵᠢᠭ᠂ ᠭᠤᠴᠣᠯᠠᠯ ᠳᠠᠭᠤᠤ᠂ ᠨᠠᠶᠢᠷᠠᠯ ᠳᠠᠭᠤᠤ᠂ ᠱᠠᠨ ᠰᠢ ᠵᠦᠴᠦᠭᠡ᠂ ᠮᠠᠨᠵᠤ | ᠲᠡᠷᠯᠢᠭ᠂ ᠭᠤᠷᠪᠠᠨ ᠥᠭᠦᠯᠡᠪᠦᠷᠢ ᠬᠠᠭᠠᠰ᠂ ᠯᠢᠮᠪᠦ ᠶᠢᠨ ᠨᠠᠶᠢᠷᠠᠯ ᠬᠥᠭᠵᠢᠮ᠂ ᠰᠠᠺᠧᠰ ᠵᠡᠷᠭᠡ ᠣᠯᠠᠨ ᠲᠥᠷᠥᠯ ᠤᠨ | ᠬᠡᠯᠪᠡᠷᠢ ᠶᠢ ᠪᠠᠭᠳᠠᠭᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠥᠵᠢᠭ ︽ᠠᠵᠠ ᠬᠡᠶᠢᠮᠣᠷᠢ︾ ᠶᠢᠨ ᠳᠤᠮᠳᠠ | ᠬᠥᠰᠢᠭᠡ ᠪᠠᠨ ᠰᠡᠬᠦᠵᠦ᠂ ᠳᠡᠪᠢᠭᠦᠷ ᠪᠥᠵᠢᠭ ︽ᠲᠠᠪᠤᠨ ᠣᠳᠣᠲᠤ ᠤᠯᠠᠭᠠᠨ ᠲᠤᠭ︾ ᠨᠢ ᠪᠠᠶᠠᠷ ᠪᠠᠶᠠᠰᠬᠤᠯᠠᠩᠲᠤ | ᠠᠶᠢᠵᠠᠮ ᠪᠠ ᠭᠤᠸ᠎ᠠ ᠰᠠᠶᠢᠬᠠᠨ ᠪᠥᠵᠢᠭ ᠤᠨ ᠳᠦᠷᠢ ᠪᠠᠷ ᠢᠶᠠᠨ ᠠᠬᠤᠢ ᠲᠠᠯᠠᠪᠠᠶ ᠶᠢᠨ ᠠᠭᠤᠷ ᠠᠮᠢᠰᠬᠤᠯ ᠢ | ᠬᠤᠷᠣᠮᠬᠠᠨ ᠵᠠᠭᠤᠷ᠎ᠠ ᠬᠥᠭᠵᠢᠭᠡᠪᠡ᠃ ᠲᠥᠪᠡᠳ ᠦᠨᠳᠦᠰᠦᠲᠡᠨ ᠤ ᠪᠥᠵᠢᠭ ︽ᠤᠮᠠᠨ︾ ᠨᠢ ᠥᠪᠡᠷᠮᠢᠴᠡ | ᠣᠨᠴᠠᠯᠢᠭ ᠲᠠᠢ᠂ ᠲᠣᠭᠯᠠᠯᠲᠠ ᠳᠤ ᠣᠷᠣᠯᠴᠠᠭᠰᠠᠳ ᠤᠨ ᠬᠤᠪᠴᠠᠰᠤ ᠵᠠᠰᠠᠯ ᠨᠢ ᠭᠤᠶᠢᠳᠠ ᠰᠠᠶᠢᠬᠠᠨ᠂ ᠪᠥᠵᠢᠭ ᠤᠨ | ᠠᠯᠬᠤᠭ᠎ᠠ ᠨᠢ ᠬᠥᠩᠭᠡᠨ ᠱᠠᠯᠠᠮᠠᠭᠠᠢ ᠪᠠᠶᠢᠵᠤ᠂ ᠣᠯᠠᠨ ᠢ ᠳᠠᠭᠠᠭᠤᠯᠤᠨ ᠲᠥᠪᠡᠳ ᠦᠨᠳᠦᠰᠦᠲᠡᠨ ᠤ ᠨᠢᠭᠤᠴᠠᠭᠠᠢ | ᠰᠣᠶᠣᠯ ᠢ ᠣᠶᠢᠯᠠᠭᠠᠪᠠ᠃ ︽ᠰᠠᠯᠬᠢ ᠪᠣᠷᠣᠭᠠᠨ ᠤ ᠳᠠᠷᠠᠭ᠎ᠠ ᠨᠡᠷᠡᠨ ᠤ ᠬᠡᠷᠡᠯ︾ ᠭᠡᠬᠦ ᠨᠠᠶᠢᠷᠠᠯ ᠳᠠᠭᠤᠤ ᠨᠢ | ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠳᠠᠭᠤᠯᠠᠯ ᠤᠨ ᠠᠶᠠᠰ ᠨᠢ ᠡᠷᠡᠰ ᠬᠠᠲᠠᠭᠤ ᠪᠠᠶᠢᠵᠤ᠂ ᠠᠮᠢᠳᠤᠷᠠᠯ ᠳᠤ | ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠ ᠢᠷᠡᠭᠡᠳᠦᠢ ᠶᠢᠨ ᠬᠦᠰᠡᠯ ᠡᠷᠡᠮᠡᠯᠵᠡᠯ ᠢ ᠪᠣᠶ ᠪᠣᠯᠭᠠᠪᠠ᠃ ᠲᠣᠭᠯᠠᠯᠲᠠ ᠨᠢ | ︽ᠳᠤᠮᠳᠠᠳᠤ ᠪᠠᠨ ᠬᠠᠶᠢᠷᠠᠯᠠᠶ᠎ᠠ︾ ᠭᠡᠬᠦ ᠬᠤᠪᠴᠠᠰᠤᠨ ᠤ ᠦᠵᠡᠭᠦᠯᠦᠯᠭᠡ ᠶᠢᠨ ᠳᠤᠮᠳᠠ ᠲᠡᠭᠦᠰ ᠠᠮᠵᠢᠯᠲᠠ ᠲᠠᠢ | ᠥᠨᠳᠥᠷᠯᠡᠵᠦ᠂ ᠥᠩᠭᠡ ᠢᠯᠭᠠᠷᠠᠭᠰᠠᠨ ᠦᠨᠳᠦᠰᠦᠲᠡᠨ ᠤ ᠬᠤᠪᠴᠠᠰᠤ ᠵᠠᠰᠠᠯ ᠤᠨ ᠲᠣᠭᠯᠠᠯᠲᠠ ᠨᠢ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠭᠦᠯᠪᠡ᠃ | | | | | | ᠲᠤᠰ ᠤᠳᠠᠭ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠨᠢ ᠪᠠᠶᠠᠯᠢᠭ ᠰᠠᠶᠢᠬᠠᠨ | ᠲᠣᠭᠯᠠᠯᠲᠠ ᠶᠢᠨ ᠬᠡᠯᠪᠡᠷᠢ ᠪᠠᠷ ᠰᠠᠶᠢᠨ ᠰᠠᠶᠢᠬᠠᠨ ᠰᠢᠨ᠎ᠡ ᠠᠮᠢᠳᠤᠷᠠᠯ ᠢ ᠮᠠᠭᠲᠠᠨ ᠳᠠᠭᠤᠯᠠᠭᠰᠠᠨ ᠢᠶᠠᠷ ᠪᠠᠷᠠᠬᠤ ᠦᠭᠡᠢ | ᠪᠠᠰᠠ ᠨᠠᠮ ᠤᠨ ᠭᠡᠰᠢᠭᠦᠨ ᠤᠯᠠᠨ ᠲᠦᠮᠡᠨ ᠳᠤ ᠶᠠᠷᠢᠯᠴᠠᠨ ᠰᠣᠯᠢᠯᠴᠠᠬᠤ ᠲᠠᠪᠴᠠᠩ ᠬᠠᠩᠭᠠᠵᠤ᠂ ᠤᠯᠠᠨ ᠢᠶᠠᠷ ᠢᠶᠠᠨ | ᠥᠩᠭᠡᠷᠡᠭᠰᠡᠨ ᠢᠶᠠᠨ ᠬᠠᠮᠳᠤᠪᠠᠷ ᠡᠷᠭᠢᠴᠡᠭᠦᠯᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠲᠤᠬᠠᠢ | ᠠᠭᠤᠵᠢᠷᠠᠲᠠᠯ᠎ᠠ ᠶᠠᠷᠢᠯᠴᠠᠵᠤ᠂ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠷᠢᠯᠴᠠᠭ᠎ᠠ | ᠪᠠ ᠬᠤᠷᠰᠢᠯᠴᠠᠭ᠎ᠠ ᠶᠢ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠯᠢᠳᠦ᠋ ᠨᠡᠶᠢᠭᠡᠮ ᠲᠣᠭᠤᠷᠢᠭ ᠤᠨ ᠬᠢᠨ | ᠤᠯᠠᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠵᠣᠯ | ᠵᠢᠷᠭᠠᠯᠲᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠡᠶᠡᠯᠳᠡᠭ | ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠪᠠ ᠬᠠᠮᠲᠤᠪᠠᠷ | ᠴᠤᠭᠴᠠᠯᠠᠨ᠎ᠠ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |