| —— ᠯᠦᠩ ᠱᠧᠩ ᠵᠤᠸᠠᠩ ᠪᠠᠯᠭᠠᠰᠤᠨ ᠤ ᠡᠯ᠎ᠡ ᠭᠠᠴᠠᠭᠠᠨ ᠤ ᠠᠷᠠᠳ ᠤᠨ ᠵᠥᠪᠯᠡᠯ ᠤᠨ ᠬᠢᠨ ︽ | ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ ᠬᠠᠮᠲᠤᠪᠠᠷ ᠬᠦᠰᠡᠯ ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ | ᠰᠠᠶᠢᠬᠠᠨ ᠭᠡᠷ ᠣᠷᠣᠨ ᠤ ᠶᠠᠷᠢᠶᠠᠨ ᠤ ᠰᠢᠨ᠎ᠡ ᠰᠤᠷᠳᠠᠯ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ | | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ | ᠤᠯᠠᠨ ᠲᠦᠮᠡᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠠᠬᠢᠭᠤᠯᠵᠤ᠂ ᠥᠷᠭᠡᠨ | ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ ᠲᠦᠷᠦᠬᠦᠬᠡᠨ ᠯᠦᠩ ᠱᠧᠩ ᠵᠤᠸᠠᠩ ᠪᠠᠯᠭᠠᠰᠤᠨ ᠤ ᠡᠯ᠎ᠡ | ᠭᠠᠴᠠᠭᠠᠨ ᠤ ᠠᠷᠠᠳ ᠤᠨ ᠵᠥᠪᠯᠡᠯ ᠤᠨ ᠬᠢᠨ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ | ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ ᠬᠠᠮᠲᠤᠪᠠᠷ ᠬᠦᠰᠡᠯ ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ | ᠰᠠᠶᠢᠬᠠᠨ ᠭᠡᠷ ᠣᠷᠣᠨ ᠤ ᠶᠠᠷᠢᠶᠠᠨ ᠤ ᠰᠢᠨ᠎ᠡ ᠰᠤᠷᠳᠠᠯ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠵᠠᠯᠭᠠᠯᠳᠤᠭᠠᠪᠠᠷ | ᠦᠷᠨᠢᠭᠦᠯᠪᠡ᠃ | | | | | | | | ᠠᠵᠢᠯᠯᠠᠭ᠎ᠠ ᠨᠢ ᠴᠠᠶᠢᠯᠠᠯᠭ᠎ᠠ᠂ ᠰᠠᠭᠤᠳᠠᠯ ᠤᠨ ᠬᠤᠷᠠᠯ᠂ ᠬᠠᠮᠲᠤᠷᠠᠭᠰᠠᠨ ᠨᠠᠶᠢᠷ ᠵᠡᠷᠭᠡ ᠪᠠᠶᠠᠯᠢᠭ ᠰᠠᠶᠢᠬᠠᠨ | ᠬᠡᠯᠪᠡᠷᠢ ᠪᠠᠷ ᠺᠠᠳ᠋ᠷ ᠤᠯᠠᠨ ᠲᠦᠮᠡᠨ ᠲᠠᠢ ᠨᠢᠭᠤᠷᠳᠠᠬᠤ᠂ ᠦᠨᠡᠨ ᠰᠡᠳᠬᠢᠯ ᠠᠴᠠ ᠪᠠᠨ ᠰᠠᠨᠠᠯ ᠢᠶᠠᠨ ᠰᠣᠯᠢᠯᠴᠠᠬᠤ᠂ | ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠬᠦ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ | ᠡᠷᠢᠯᠬᠢᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠶᠡᠭᠡ | ᠬᠦᠷᠢᠶᠡᠨ ᠳᠤ ᠠᠷᠰᠯᠠᠨ ᠪᠥᠵᠢᠭᠯᠡᠬᠦ᠂ ᠶᠠᠩᠭᠠᠷ ᠪᠥᠵᠢᠭᠯᠡᠬᠦ ᠵᠡᠷᠭᠡ ᠠᠷᠠᠳ ᠤᠨ ᠵᠠᠩ ᠦᠢᠯᠡ ᠶᠢᠨ ᠲᠣᠭᠯᠠᠯᠲᠠ | ᠥᠷᠨᠢᠭᠦᠯᠵᠦ᠂ ᠰᠢᠷᠢᠰ ᠠᠵᠢᠯᠯᠠᠭ᠎ᠠ ᠪᠠᠷ ᠲᠠᠮᠵᠢᠨ ᠺᠠᠳ᠋ᠷ ᠤᠯᠠᠨ ᠲᠦᠮᠡᠨ ᠤ ᠬᠤᠭᠤᠷᠣᠨᠳᠣᠬᠢ᠂ ᠲᠣᠰᠬᠤᠨ ᠤ | ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠬᠤᠷᠰᠢᠯᠴᠠᠭ᠎ᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ | ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ ᠣᠷᠣᠨ ᠢᠶᠠᠨ | ᠬᠠᠮᠲᠤᠪᠠᠷ ᠴᠣᠭᠴᠠᠯᠠᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |