| 12 ᠰᠠᠷ᠎ᠠ ᠶᠢᠨ 27 ᠤ ᠡᠳᠦᠷ᠂ ᠹᠧᠩᠵᠧᠨ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ | ᠬᠤᠯᠪᠣᠭᠠᠲᠤ ᠬᠤᠷᠰᠢᠶ᠎ᠠ ᠶᠢᠨ ᠬᠢᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ | ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨᠠᠭᠴᠢᠳ ᠤᠨ | ᠵᠥᠪᠯᠡᠯ ᠤᠨ ᠡᠷᠬᠢᠯᠡᠭᠴᠢ ᠬᠠᠨ ᠷᠦᠢ ᠹᠧᠩ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠸᠠᠩ ᠯᠠᠢ ᠱᠤᠸᠠᠨ ᠬᠤᠷᠠᠯ ᠳᠤ ᠣᠷᠣᠯᠴᠠᠪᠠ᠃ | | ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 31 ᠬᠥᠮᠥᠨ᠂ ᠪᠣᠳᠠᠲᠠᠢ ᠣᠷᠣᠯᠴᠠᠭᠰᠠᠨ ᠨᠢ 29 | ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠬᠤᠷᠠᠯ ᠳᠡᠭᠡᠷ᠎ᠡ᠂ ᠬᠠᠨ ᠷᠦᠢ ᠹᠧᠩ᠂ ᠸᠠᠩ ᠯᠠᠢ ᠱᠤᠸᠠᠨ ᠲᠤᠰ ᠲᠤᠰ ᠶᠠᠷᠢᠶ᠎ᠠ ᠲᠠᠯᠪᠢᠵᠠᠭᠠᠵᠤ᠂ ᠹᠧᠩᠵᠧᠨ | ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠡᠯ᠎ᠡ ᠵᠦᠢᠯ ᠤᠨ ᠠᠵᠢᠯ ᠳᠤ | ᠬᠦᠰᠡᠯ ᠱᠠᠭᠠᠷᠳᠠᠯᠭ᠎ᠠ ᠳᠤᠷᠠᠳᠪᠠ︔ ᠹᠸᠡᠭᠵᠧᠨ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ | ᠬᠤᠷᠰᠢᠶᠠᠨ ᠤ ᠬᠠᠷᠢᠭᠤᠴᠠᠯᠭᠠᠲᠠᠨ ᠠᠵᠢᠯ ᠤᠨ ᠮᠡᠳᠡᠭᠦᠯᠦᠯᠲᠡ ᠬᠢᠪᠡ︔ ᠬᠤᠷᠠᠯ ᠠᠴᠠ ᠰᠢᠨ᠎ᠡ ᠨᠢᠭᠡ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠢᠨᠠᠭᠴᠢᠳ ᠤᠨ | ᠵᠥᠪᠯᠡᠯ ᠤᠨ ᠡᠷᠬᠢᠯᠡᠭᠴᠢ ᠵᠢᠴᠢ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ᠂ ᠬᠢᠨᠠᠭᠴᠢᠳ ᠤᠨ | ᠵᠥᠪᠯᠡᠯ ᠤᠨ ᠪᠦᠷᠢᠯᠳᠦᠭᠦᠨ ᠢ ᠰᠣᠩᠭᠤᠨ ᠭᠠᠷᠭᠠᠪᠠ︔ ᠹᠧᠩᠵᠧᠨ ᠬᠤᠲᠠ ᠶᠢᠨ ᠬᠠᠩᠭᠠᠨ ᠪᠣᠷᠣᠯᠠᠭᠤᠯᠬᠤ | ᠬᠤᠷᠰᠢᠶᠠᠨ ᠤ ᠬᠤᠯᠪᠣᠭᠠᠲᠤ ᠬᠤᠷᠰᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢᠨ ᠲᠥᠰᠥᠯ ᠪᠠ ︽ | ᠹᠧᠩᠵᠧᠨ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠳᠦᠷᠢᠮ︾ ︵ | ᠲᠥᠰᠥᠯ︶ ᠤᠨ ᠰᠢᠢᠳᠪᠦᠷᠢ ᠶᠢᠨ ᠲᠥᠰᠥᠯ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠦᠬᠦ ᠬᠤᠲᠠ ᠶᠢᠨ ᠬᠠᠩᠭᠠᠨ ᠪᠣᠷᠣᠯᠠᠭᠤᠯᠬᠤ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ | ᠡᠭᠦᠷᠭᠡᠯᠡᠨ ᠠᠵᠢᠯᠯᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠭᠠᠬᠤ ᠪᠠᠷ ᠴᠢᠷᠮᠠᠶᠢᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠱᠠᠭᠠᠷᠳᠠᠪᠠ᠃ | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |