| ᠣᠶᠢᠷ᠎ᠠ ᠳᠤ᠂ ᠥᠪᠥᠷ ᠮᠣᠩᠭᠤᠯ ᠤᠨ ᠵᠢᠩ ᠯᠧᠢ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠨ | 36000 ᠺᠢᠯᠣᠸᠠᠲ ᠤᠨ ᠠᠮᠤᠷ ᠲᠦᠪᠰᠢᠨ ᠢᠶᠠᠷ ᠨᠢᠭᠲᠠ ᠪᠢᠲᠡᠭᠦᠮᠵᠢᠯᠡᠭᠰᠡᠨ ᠮᠠᠩᠭᠠᠨ ᠴᠠᠬᠢᠭᠤᠷ ᠤᠨ | ᠬᠠᠶᠢᠯᠤᠰᠢ ᠶᠢᠨ ᠲᠣᠭᠲᠠᠮᠠᠯ ᠭᠦᠶᠦᠳᠡᠯᠲᠦ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠠᠶᠢᠭᠤᠯᠤᠭᠰᠠᠨ ᠪᠥᠭᠡᠳ | ᠨᠢᠭᠡᠨᠲᠡ ᠨᠢᠭᠡ ᠰᠠᠷ᠎ᠠ ᠲᠣᠭᠲᠠᠭᠤᠨ ᠢᠶᠠᠷ ᠠᠵᠢᠯᠯᠠᠭᠤᠯᠪᠠ᠂ ᠡᠶᠢᠮᠦ ᠶᠡᠭᠡ ᠪᠠᠭᠲᠠᠭᠠᠮᠵᠢ ᠲᠠᠢ ᠪᠥᠭᠡᠳ ᠪᠦᠷᠢᠨ | ᠪᠢᠲᠡᠭᠦᠮᠵᠢᠯᠡᠭᠰᠡᠨ ᠮᠠᠩᠭᠠᠨ ᠴᠠᠬᠢᠭᠤᠷ ᠤᠨ ᠠᠭᠤᠷᠬᠠᠢ ᠶᠢᠨ ᠢᠯᠴᠢ ᠶᠢᠨ ᠵᠤᠤᠬ᠎ᠠ ᠨᠢ ᠪᠥᠬᠦ ᠳᠡᠯᠡᠬᠡᠢ ᠶᠢᠨ | ᠠᠩᠬᠠᠳᠠᠭᠴᠢ ᠰᠠᠤᠷᠢ ᠪᠣᠯᠣᠨ᠎ᠠ︕ | | ᠥᠪᠥᠷ ᠮᠣᠩᠭᠤᠯ ᠤᠨ ᠵᠢᠩ ᠯᠧᠢ ᠠᠵᠤ ᠦᠢᠯᠡᠰ ᠤᠨ ᠬᠢᠵᠠᠭᠠᠷᠲᠤ ᠺᠣᠮᠫᠠᠨᠢ 2017 ᠣᠨ ᠳᠤ | ᠪᠠᠶᠢᠭᠤᠯᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠤᠨ ᠹᠧᠩᠵᠧᠨ ᠤ ᠣᠷᠴᠢᠯ | ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠪᠠᠶᠢᠷᠢᠰᠢᠵᠤ᠂ 450 ᠮᠦ ᠲᠠᠯᠠᠪᠠᠶ ᠲᠠᠢ᠂ | ᠲᠡᠮᠦᠷ ᠤᠨ ᠬᠠᠶᠢᠯᠤᠰᠢ ᠶᠢ ᠪᠣᠯᠪᠠᠰᠤᠷᠠᠭᠤᠯᠬᠤ᠂ ᠪᠣᠷᠣᠯᠠᠭᠤᠯᠬᠤ ᠪᠠᠷ ᠭᠤᠣᠯ ᠪᠣᠯᠭᠠᠵᠤ᠂ ᠣᠲᠣ 45000 | ᠺᠢᠯᠣᠸᠠᠲ ᠠᠮᠫᠧᠷ ᠮᠠᠩᠭᠠᠨ ᠴᠠᠬᠢᠭᠤᠷ ᠤᠨ ᠬᠠᠶᠢᠯᠤᠰᠢ ᠶᠢᠨ ᠪᠦᠷᠢᠨ ᠨᠢᠭᠲᠠ ᠪᠢᠲᠡᠭᠦᠮᠵᠢᠯᠡᠭᠰᠡᠨ ᠮᠠᠶ᠋ᠢᠭ ᠤᠨ | ᠠᠭᠤᠷᠬᠠᠢ ᠶᠢᠨ ᠢᠯᠴᠢ ᠶᠢᠨ ᠵᠤᠤᠬ᠎ᠠ ᠶᠢ 2 ᠪᠠᠶᠢᠭᠤᠯᠵᠤ᠂ 110KVA ᠬᠦᠴᠦᠳᠡᠯ ᠥᠭᠡᠷᠡᠴᠢᠯᠡᠬᠦ ᠥᠷᠲᠡᠭᠡ᠂ 4. | 2x78m ᠡᠷᠭᠢᠯᠳᠦᠭᠡ ᠤᠭᠤᠷᠬᠠᠶ ᠵᠢᠴᠢ 24Mw ᠶᠢᠨ ᠮᠠᠩᠭᠠᠨ ᠴᠠᠬᠢᠭᠤᠷ ᠤᠨ ᠨᠢᠭᠲᠠ ᠪᠢᠲᠡᠭᠦᠮᠵᠢᠯᠡᠭᠰᠡᠨ | ᠵᠤᠤᠬ᠎ᠠ ᠶᠢᠨ ᠰᠡᠭᠦᠯ ᠤᠨ ᠬᠡᠢ ᠶᠢ ᠶᠡᠷᠦᠩᠬᠡᠶᠢᠯᠡᠨ ᠠᠰᠢᠭᠯᠠᠬᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠠᠰᠤᠭ ᠢ | ᠢᠵᠢ ᠪᠦᠷᠢᠳᠦᠭᠦᠯᠵᠦ᠂ ᠵᠢᠯ ᠳᠤ 1.7 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠨ᠎ᠠ᠃ 2023 ᠣᠨ ᠳᠤ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 13.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 3000 ᠭᠠᠷᠤᠢ ᠲᠦᠮᠡᠨ ᠲᠥᠭᠦᠷᠢᠭ ᠤᠨ ᠭᠠᠶᠢᠯᠢ ᠶᠢᠨ ᠮᠥᠩᠭᠦ ᠶᠢ ᠳᠡᠭᠡᠭᠰᠢ ᠲᠤᠰᠢᠶᠠᠪᠠ᠃ | | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠲᠣᠰ ᠠᠵᠤ | ᠠᠬᠤᠶᠢᠯᠠᠯ ᠤᠨ ᠵᠢᠯ ᠳᠤ ᠦᠢᠯᠡᠳᠪᠦᠷᠢᠯᠡᠭᠰᠡᠨ ᠮᠠᠩᠭᠠᠨ ᠴᠠᠬᠢᠭᠤᠷ ᠤᠨ ᠬᠠᠶᠢᠯᠤᠰᠢ 18.6 ᠲᠦᠮᠡᠨ ᠲᠣᠨ᠂ ᠪᠠᠶᠠᠨ | ᠮᠠᠩᠭᠠᠨ ᠰᠢᠭᠠᠷᠤ 27 ᠲᠦᠮᠡᠨ ᠲᠣᠨ᠂ ᠳᠤᠮᠳᠠ ᠳᠣᠣᠷ᠎ᠠ ᠨᠡᠭᠦᠷᠡᠰᠦᠲᠥ᠋ᠷᠥᠭᠴᠢᠲᠦ ᠮᠠᠩᠭᠠᠨ ᠲᠡᠮᠦᠷ 7.5 ᠲᠦᠮᠡᠨ | ᠲᠣᠨ᠂ ᠴᠠᠬᠢᠯᠭᠠᠨ ᠭᠠᠷᠭᠠᠬᠤ ᠬᠡᠮᠵᠢᠶ᠎ᠡ 39600 ᠲᠦᠮᠡᠨ ᠺᠢᠯᠣᠸᠠᠲ ᠲᠤ ᠬᠦᠷᠪᠡ᠃ ᠡᠨᠡᠬᠦ ᠠᠭᠤᠷᠬᠠᠢ ᠶᠢᠨ | ᠢᠯᠴᠢ ᠶᠢᠨ ᠵᠤᠤᠬ᠎ᠠ ᠶᠢ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠤᠭᠰᠠᠨ ᠶᠠᠪᠤᠳᠠᠯ ᠪᠣᠯ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠨᠠᠩ ᠴᠤ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠡᠬᠢᠯᠡᠯᠲᠡ | ᠪᠠᠶᠢᠵᠤ᠂ ᠮᠠᠩᠭᠠᠨ ᠴᠠᠬᠢᠭᠤᠷ ᠤᠨ ᠬᠠᠶᠢᠯᠤᠰᠢ ᠪᠣᠯᠪᠠᠰᠤᠷᠠᠭᠤᠯᠬᠤ ᠠᠵᠢᠯ ᠲᠥᠷᠥᠯ ᠤᠨ ᠪᠣᠬᠢᠷᠲᠤᠯ ᠦᠭᠡᠢ᠂ | ᠥᠨᠳᠥᠷ ᠪᠦᠲᠦᠮᠵᠢᠲᠡᠶ᠂ ᠣᠶᠤᠨᠴᠢᠯᠠᠭᠰᠠᠨ ᠴᠢᠭᠯᠡᠯ ᠢᠶᠠᠷ ᠲᠦᠷᠭᠡᠨ ᠤᠷᠤᠭᠰᠢᠯᠠᠬᠤ ᠶᠢ ᠲᠦᠯᠬᠢᠨ ᠠᠬᠢᠭᠤᠯᠬᠤ | ᠪᠣᠯᠣᠨ᠎ᠠ᠃ ᠲᠣᠭᠲᠠᠮᠠᠯ ᠭᠦᠶᠦᠳᠡᠯᠲᠦ ᠵᠤᠤᠬ᠎ᠠ ᠶᠢ ᠪᠣᠯᠪᠠᠰᠤᠷᠠᠭᠤᠯᠬᠤ ᠮᠡᠷᠭᠡᠵᠢᠯ ᠢ ᠴᠢᠨᠠᠭᠰᠢᠳᠠ ᠳᠡᠯᠭᠡᠷᠡᠭᠦᠯᠵᠦ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠰᠠᠶᠢᠲᠤᠷ ᠬᠢᠬᠦ ᠶᠢᠨ ᠲᠥᠯᠥᠭᠡ᠂ ᠳᠠᠷᠠᠭᠠᠴᠢ ᠶᠢᠨ ᠠᠯᠬᠤᠮ ᠳᠤ᠂ | ᠳᠤᠰ ᠺᠣᠮᠫᠠᠨᠢ ᠦᠢᠯᠡᠳᠪᠦᠷᠢᠯᠡᠯ ᠤᠨ ᠴᠢᠳᠠᠪᠤᠷᠢ ᠪᠠᠨ ᠴᠢᠨᠠᠭᠰᠢᠳᠠ ᠥᠷᠭᠡᠳᠬᠡᠵᠦ᠂ ᠳᠠᠬᠢᠭᠠᠳ 40 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠪᠠᠶᠢᠭᠠᠳ 7 ᠰᠠᠤᠷᠢ 36000 ᠺᠢᠯᠤᠸᠤᠯᠲ ᠤᠨ ᠠᠮᠤᠷ ᠲᠦᠪᠰᠢᠨ ᠨᠢᠭᠲᠠ | ᠪᠢᠲᠡᠭᠦᠮᠵᠢᠯᠡᠭᠰᠡᠨ ᠮᠠᠩᠭᠠᠨ ᠴᠠᠬᠢᠭᠤᠷ ᠤᠨ ᠬᠠᠶᠢᠯᠤᠰᠢ ᠶᠢᠨ ᠲᠣᠭᠲᠠᠮᠠᠯ ᠭᠦᠶᠦᠳᠡᠯᠲᠦ ᠠᠭᠤᠷᠬᠠᠢ ᠶᠢᠨ ᠢᠯᠴᠢ ᠶᠢᠨ | ᠵᠤᠤᠬ᠎ᠠ ᠶᠢ ᠪᠦᠲᠦᠭᠡᠨ ᠪᠠᠶᠢᠭᠤᠯᠵᠤ᠂ 1 ᠰᠠᠤᠷᠢ 36000 ᠺᠢᠯᠤᠸᠤᠯᠲ ᠤᠨ ᠠᠮᠤᠷ ᠲᠦᠪᠰᠢᠨ ᠨᠢᠭᠲᠠ | ᠪᠢᠲᠡᠭᠦᠮᠵᠢᠯᠡᠭᠰᠡᠨ ᠲᠣᠭᠲᠠᠮᠠᠯ ᠭᠦᠶᠦᠳᠡᠯᠲᠦ ᠪᠠᠶᠠᠯᠢᠭ ᠮᠠᠩᠭᠠᠨ ᠰᠢᠭᠠᠷᠤ ᠶᠢᠨ ᠵᠤᠤᠬ᠎ᠠ ᠶᠢ ᠢᠵᠢ ᠪᠦᠷᠢᠳᠦᠭᠦᠯᠵᠦ᠂ | ᠵᠠᠭᠤᠨ ᠲᠦᠮᠡᠨ ᠲᠣᠨ ᠤ ᠲᠡᠰ ᠤᠨ ᠪᠣᠬᠢᠷᠲᠤᠯ ᠦᠭᠡᠢ ᠮᠠᠩᠭᠠᠨ ᠴᠠᠬᠢᠭᠤᠷ ᠤᠨ ᠬᠠᠶᠢᠯᠤᠰᠢ ᠶᠢᠨ ᠠᠵᠤ ᠠᠬᠤᠶᠢᠯᠠᠯ ᠢ | ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠤᠢ᠃ | | ᠣᠳᠣᠬᠠᠨ ᠳᠤ᠂ ᠥᠪᠥᠷ ᠮᠣᠩᠭᠤᠯ ᠤᠨ ᠵᠢᠩ ᠯᠧᠢ ᠠᠵᠤ ᠦᠢᠯᠡᠰ ᠤᠨ ᠬᠢᠵᠠᠭᠠᠷᠲᠤ ᠺᠣᠮᠫᠠᠨᠢ ᠨᠢᠭᠡᠨᠲᠡ 22 | ᠵᠦᠢᠯ ᠤᠨ ᠮᠡᠷᠭᠡᠵᠢᠯ ᠤᠨ ᠲᠤᠰᠬᠠᠢ ᠠᠰᠢᠭ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ︾᠂ ︽ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ︾ ᠢᠶᠠᠷ ᠦᠨᠡᠯᠡᠭᠳᠡᠪᠡ᠃ | ᠥᠪᠥᠷ ᠮᠣᠩᠭᠤᠯ ᠤᠨ ᠤᠯᠠᠭᠠᠨᠴᠠᠪ ᠤᠨ ᠹᠧᠩᠵᠧᠨ ᠬᠤᠲᠠ ᠶᠢᠨ ᠬᠢᠨ ᠲᠡᠮᠦᠷ ᠤᠨ ᠬᠠᠶᠢᠯᠤᠰᠢ ᠶᠢᠨ ᠠᠵᠤ | ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠰᠢᠨᠵᠢᠯᠡᠬᠦ ᠤᠬᠠᠭᠠᠨ ᠮᠡᠷᠭᠡᠵᠢᠯ ᠤᠨ | ᠪᠦᠰᠡᠯᠡᠯᠲᠡ ᠶᠢ ᠰᠢᠪᠲᠤᠯᠬᠤ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠠᠵᠤ ᠦᠢᠯᠡᠰ ᠤᠨ ᠲᠠᠰ | ᠳᠡᠪᠰᠢᠬᠦ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠳᠠᠮᠵᠢᠭᠤᠯᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠵᠤ᠂ ᠲᠡᠮᠦᠷ ᠤᠨ ᠬᠠᠶᠢᠯᠤᠰᠢ ᠶᠢᠨ ᠠᠵᠤ | ᠦᠢᠯᠡᠰ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ | | | ᠵᠣᠬᠢᠶᠠᠭᠴᠢ᠄ ᠰᠢᠤᠸᠠᠨ ᠶᠠᠨ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |