| 12 ᠰᠠᠷ᠎ᠠ ᠶᠢᠨ 27 ᠤ ᠡᠳᠦᠷ᠂ ᠮᠠᠨ ᠤ ᠬᠤᠲᠠ ᠶᠢᠨ ᠬᠢᠨ 2024 ᠣᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠤ | ᠳᠠᠷᠠᠭᠠᠬᠢ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠯᠢ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠤᠯᠠᠭᠠᠨᠴᠠᠪ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠰᠠᠯᠠᠭᠠᠨ ᠤ ᠳᠡᠳ᠋ ᠳᠠᠷᠤᠭ᠎ᠠ ᠬᠤᠸᠠᠩ ᠰᠢᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ | ᠯᠢ ᠶᠢᠩ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ | | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠰᠡᠭ | ᠬᠤᠲᠠ ᠶᠢᠨ ᠰᠢᠭᠤᠳ ᠬᠠᠷᠢᠶ᠎ᠠ ᠨᠠᠮ ᠤᠨ ᠬᠤᠷᠢᠶ᠎ᠠ ᠶᠢᠨ ᠱᠦᠵᠢ ᠲᠣᠰ ᠲᠣᠰ ᠲᠤᠬᠠᠢ ᠶᠢᠨ ᠲᠠᠯᠠᠪᠤᠷ ᠲᠤ | ᠠᠵᠢᠯ ᠤᠨ ᠮᠡᠳᠡᠭᠦᠯᠦᠯᠲᠡ ᠬᠢᠵᠡᠭᠡᠵᠦ᠂ ᠯᠢ ᠶᠢᠩ ᠨᠢᠭᠡᠳ ᠨᠢᠭᠡ ᠪᠠᠷ ᠦᠨᠡᠯᠡᠯᠲᠡ ᠬᠢᠪᠡ︔ ᠲᠤᠰᠢᠶᠠᠯ ᠤᠨ | ᠮᠡᠳᠡᠭᠦᠯᠦᠯᠲᠡ ᠪᠦᠬᠦᠨ ᠢᠶᠠᠷ ᠢᠶᠠᠨ ᠳᠠᠭᠤᠰᠤᠭᠰᠠᠨ ᠤ ᠳᠠᠷᠠᠭ᠎ᠠ᠂ ᠬᠤᠳᠠ ᠶᠢᠨ ᠤᠳᠤᠷᠢᠳᠤᠯᠭ᠎ᠠ ᠸᠧᠢ ᡁᠢ ᠵᠢᠶᠦ᠋ᠨ᠂ | ᠶᠠᠩ ᠯᠠᠢ ᠴᠢᠤᠸᠠᠨ᠂ ᠫᠠᠩ ᠴᠤᠤ ᠲᠤᠰ ᠲᠤᠰ ᠦᠨᠡᠯᠡᠯᠲᠡ ᠶᠢᠨ ᠶᠠᠷᠢᠶ᠎ᠠ ᠲᠠᠯᠪᠢᠵᠠᠭᠠᠪᠠ︔ ᠬᠤᠸᠠᠩ ᠰᠢᠨ | ᠦᠨᠡᠯᠡᠯᠲᠡ ᠬᠢᠬᠦ ᠳᠡᠭᠡᠨ ᠮᠠᠨ ᠤ ᠬᠤᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ | ᠠᠵᠢᠯ ᠳᠤ ᠵᠢᠯᠤᠭᠤᠳᠬᠤ ᠰᠠᠨᠠᠯ ᠳᠤᠷᠠᠳᠪᠠ᠃ | ᠯᠢ ᠶᠢᠩ ᠳ᠋ᠦᠩᠨᠡᠯᠲᠡ ᠶᠢᠨ ᠶᠠᠷᠢᠶᠠᠨ ᠳᠠᠭᠠᠨ ᠶᠠᠷᠢᠬᠤ ᠳᠠᠭᠠᠨ᠄ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠤᠬᠠᠮᠰᠠᠷ ᠤᠨ | ᠬᠡᠯᠪᠡᠷᠢ ᠶᠢᠨ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠠᠬᠢᠯᠡᠯᠲᠡ︾ ᠶᠢᠨ ᠪᠠᠶᠢᠭᠤᠯᠤᠯᠲᠠ ᠪᠠ ᠡᠯ᠎ᠡ ᠬᠦᠷᠢᠶᠡᠨ ᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠠᠶᠢᠴᠢᠨ ᠪᠠᠬᠢᠯᠡᠯᠲᠡ ᠪᠣᠯᠣᠨ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠵᠤ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠲᠦᠷᠦ ᠶᠢᠨ | ᠠᠮᠢ ᠠᠬᠤᠢ ᠶᠢᠨ ᠲᠠᠯ᠎ᠠ ᠪᠠᠷ ᠬᠢ ︽ᠬᠥᠬᠡᠮᠳᠦᠭ ᠨᠣᠭᠤᠭᠠᠨ ᠠᠭᠤᠯᠠ ᠤᠰᠤ︾ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠤᠨ ᠡᠴᠦᠰ ᠲᠤ᠂ ᠬᠤᠷᠠᠯ ᠳᠤ ᠣᠷᠣᠯᠴᠠᠭᠰᠠᠳ ᠪᠠᠰᠠ ᠲᠤᠰᠢᠶᠠᠯ ᠤᠨ ᠮᠡᠳᠡᠭᠦᠯᠦᠯᠲᠡ ᠬᠢᠭᠰᠡᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠪᠠᠶᠢᠳᠠᠯ ᠢ ᠦᠨᠡᠯᠡᠨ ᠶᠠᠷᠢᠯᠴᠠᠪᠠ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |