︽ᠪᠤᠭᠤᠷᠤᠯᠴᠤᠳ ᠴᠤᠭ ᠵᠢᠪᠬᠤᠭ᠎ᠠ ᠪᠠᠨ ᠪᠠᠳᠠᠷᠠᠭᠤᠯᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠨ᠎ᠠ︾
ᠨᠡᠶᠢᠲᠡᠯᠡᠭᠰᠡᠨ ᠴᠠᠭ᠄
2024/12/31
              ——  ᠰᠢᠨ᠎ᠡ ᠵᠢᠯ ᠢ ᠤᠭᠲᠤᠬᠤ ᠤᠯᠠᠨ ᠲᠦᠮᠡᠨ ᠤ ᠤᠳᠬ᠎ᠠ ᠤᠷᠠᠯᠢᠭ ᠤᠨ ᠨᠥᠬᠦᠷᠯᠡᠯ ᠤᠨ ᠣᠨ ᠤ ᠬᠤᠷᠠᠯ ᠪᠠᠶᠠᠷ ᠬᠦᠷ ᠲᠠᠢ ᠪᠠᠷ ᠡᠬᠢᠯᠡᠯ᠎ᠡ    12 ᠰᠠᠷ᠎ᠠ ᠶᠢᠨ 26 ᠤ ᠡᠳᠦᠷ᠂ ︽ᠪᠤᠭᠤᠷᠤᠯᠴᠤᠳ ᠴᠤᠭ ᠵᠢᠪᠬᠤᠭ᠎ᠠ ᠪᠠᠨ ᠪᠠᠳᠠᠷᠠᠭᠤᠯᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠬᠰᠢᠯᠠᠶ᠎ᠠ︾ ᠬᠡᠬᠦ 2025 ᠣᠨ ᠤ ᠰᠢᠨ᠎ᠡ ᠤᠨ ᠢᠶᠠᠨ ᠤᠭᠲᠤᠬᠤ ᠤᠯᠠᠨ ᠲᠦᠮᠡᠨ ᠤ ᠤᠳᠬ᠎ᠠ ᠤᠷᠠᠯᠢᠭ ᠤᠨ ᠨᠥᠬᠦᠷᠯᠡᠯ ᠤᠨ ᠣᠨ ᠤ ᠬᠤᠷᠠᠯ ᠪᠠᠶᠠᠷ ᠬᠦᠷ ᠲᠠᠢ ᠪᠠᠷ ᠡᠬᠢᠯᠡᠯ᠎ᠡ᠃
   ᠣᠨ ᠤ ᠬᠤᠷᠠᠯ ᠨᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠬᠢᠯᠡᠯᠲᠡ ᠶᠢᠨ ᠪᠥᠵᠢᠭ ︽ᠬᠠᠮᠤᠭ ᠤᠨ ᠭᠤᠶᠤ ᠨᠢ ᠴᠢ ᠰᠢᠤ︾ ᠭᠡᠬᠦ ᠪᠥᠵᠢᠭ ᠤᠨ ᠳᠤᠮᠳᠠ ᠭᠠᠶᠢᠬᠠᠮᠰᠢᠭᠲᠠᠢ ᠪᠠᠷ ᠬᠥᠰᠢᠭᠡ ᠪᠠᠨ ᠰᠡᠬᠦᠪᠡ᠃ ᠵᠠᠯᠭᠠᠭᠠᠳ ᠡᠯ᠎ᠡ ᠲᠦᠷᠦᠯ ᠤᠨ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ᠱᠠᠨ ᠰᠢ ᠵᠦᠴᠦᠭᠡ ᠶᠢᠨ ᠰᠢ ᠵᠦᠴᠦᠭᠡ ᠶᠢᠨ ᠳᠠᠭᠤᠤ ᠤᠶᠠᠩᠭᠠᠲᠤ ᠰᠠᠶᠢᠬᠠᠨ ᠪᠠᠶᠢᠵᠤ᠂ ᠬᠥᠮᠥᠰ ᠤᠨ ᠰᠡᠳᠬᠢᠯ ᠵᠢᠷᠦᠬᠡ ᠶᠢ ᠳᠣᠭᠳᠣᠯᠤᠭᠤᠯᠤᠨ᠎ᠠ︔ ᠪᠡᠭᠡᠵᠢᠩ ᠵᠦᠴᠦᠭᠡ  ᠶᠢᠨ ᠲᠣᠭᠯᠠᠯᠲᠠ ᠨᠢ ᠤᠯᠤᠰ ᠤᠨ ᠣᠬᠢ ᠰᠢᠯᠢᠳᠡᠭ ᠬᠡᠪ ᠨᠠᠮᠪᠠ ᠶᠢ ᠪᠦᠷᠢᠨ ᠢᠯᠡᠷᠡᠭᠦᠯᠵᠦ᠂ ᠡᠷᠲᠡᠨ ᠤ ᠬᠥᠭ ᠠᠶᠠᠰ ᠲᠠᠢ ᠪᠠᠶᠢᠳᠠᠭ︔ ᠬᠥᠭᠵᠢᠮᠳᠡᠭᠦᠷ ᠤᠨ ᠬᠥᠭᠵᠢᠮ ᠤᠨ ᠨᠠᠶᠢᠷᠠᠯ ᠬᠥᠭᠵᠢᠮ ᠨᠢ ᠡᠶ᠎ᠡ ᠵᠣᠬᠢᠴᠠᠯ ᠲᠠᠢ ᠪᠠᠷ ᠴᠤᠤᠷᠢᠶᠠᠲᠤᠵᠤ᠂ ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠢᠷᠠᠭᠤ ᠰᠠᠶᠢᠬᠠᠨ ᠬᠥᠭ ᠠᠶᠠᠰ ᠢ ᠴᠢᠪᠬᠠᠳᠠᠨ᠎ᠠ︔ ᠨᠠᠶᠢᠷᠠᠯ ᠳᠠᠭᠤᠤ ᠨᠢ ᠰᠡᠳᠬᠢᠯ ᠰᠠᠨᠠᠭ᠎ᠠ ᠪᠠᠨ ᠣᠯᠣᠯᠴᠠᠬᠤ ᠶᠢᠨ ᠳᠠᠭᠠᠤ ᠳᠤ ᠡᠶᠡᠪᠡᠷᠭᠦᠦ ᠳᠤᠯᠠᠭᠠᠨ ᠠᠶᠠᠰ ᠢ ᠴᠤᠤᠷᠢᠶᠠᠲᠤᠭᠤᠯᠤᠨ᠎ᠠ︔ ᠫᠷᠣᠭ᠍ᠷᠠᠮ ᠤᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ᠂ ᠠᠬᠤᠢ ᠲᠠᠯᠠᠪᠠᠶ ᠶᠢᠨ ᠠᠭᠤᠷ ᠠᠮᠢᠰᠬᠤᠯ ᠨᠢ ᠮᠠᠰᠢ ᠪᠠᠶᠠᠷ ᠬᠥᠷ ᠲᠠᠢ ᠪᠠᠶᠢᠳᠠᠭ᠃
   ᠲᠣᠭᠯᠠᠯᠲᠠ ᠳᠤ ᠣᠷᠣᠯᠴᠠᠭᠰᠠᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠ ᠤᠷ᠎ᠠ ᠴᠢᠳᠠᠪᠤᠷᠢ ᠪᠠᠷ ᠢᠶᠠᠨ ᠰᠢᠨ᠎ᠡ ᠤᠨ ᠤ ᠡᠬᠢᠯᠡᠯᠲᠡ ᠶᠢᠨ ᠠᠶ᠎ᠠ ᠶᠢ ᠴᠢᠪᠬᠠᠳᠠᠪᠠ᠃ ᠨᠥᠬᠦᠷᠯᠡᠯ ᠤᠨ ᠣᠨ ᠤ ᠬᠤᠷᠠᠯ ᠤᠨ ᠠᠵᠢᠯᠯᠠᠭ᠎ᠠ ᠶᠢ ᠠᠬᠠᠮᠠᠳ ᠺᠠᠳ᠋ᠷᠴᠤᠳ ᠤᠨ ᠤᠳᠬ᠎ᠠ ᠤᠷᠠᠯᠢᠭ ᠤᠨ ᠠᠩᠭᠢ᠂ ᠰᠣᠶᠣᠯ ᠤᠨ ᠣᠷᠳᠣᠨ ᠤ ᠠᠵᠢᠯ ᠤᠨ ᠴᠢᠯᠦᠭᠡᠨ ᠤ ᠨᠠᠶᠢᠷᠠᠯ ᠳᠠᠭᠤᠤ ᠶᠢᠨ ᠠᠩᠭᠢ᠂ ᠱᠠᠨ ᠰᠢ ᠵᠦᠴᠦᠭᠡ ᠶᠢᠨ ᠨᠡᠶᠢᠭᠡᠮᠯᠢᠭ ᠪᠤᠯᠤᠨ ᠮᠦ ᠯᠠᠨ ᠪᠥᠵᠢᠭ ᠤᠨ ᠠᠩᠭᠢ ᠶᠢᠨ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠪᠦᠯᠬᠦᠮ ᠠᠴᠠ ᠭᠤᠣᠯᠯᠠᠨ ᠡᠷᠬᠢᠯᠡᠪᠡ᠃          ᠵᠣᠬᠢᠶᠠᠭᠴᠢ᠄ ᠶᠠᠨ ᠰᠢᠶᠠ ᠹᠧᠢ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3