︽ᠴᠠᠭ ᠦᠶᠡᠴᠢ ᠪᠤᠭᠤᠷᠤᠯᠴᠤᠳ ᠴᠤᠭ ᠵᠢᠪᠬᠤᠭ᠎ᠠ ᠪᠠᠨ ᠪᠠᠳᠠᠷᠠᠭᠤᠯᠤᠨ ᠰᠦᠭ ᠰᠦᠨᠡᠰᠦ ᠪᠠᠨ ᠱᠤᠭᠤᠨ  ᠰᠢᠨ᠎ᠡ ᠠᠶᠠᠨ ᠳᠠᠭᠠᠨ ᠡᠷᠡᠯᠬᠡᠭᠯᠡᠨ ᠤᠷᠤᠬᠰᠢᠯᠠᠶ᠎ᠠ︾ ᠬᠡᠬᠦ 2025 ᠣᠨ ᠤ ᠹᠧᠩᠵᠧᠨ ᠬᠤᠳᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠢᠨ᠎ᠡ ᠵᠢᠯ ᠢ ᠤᠭᠲᠤᠬᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠤᠶᠢᠳᠠ ᠰᠠᠶᠢᠬᠠᠨ ᠶᠠᠪᠤᠬᠳᠠᠪᠠ
ᠨᠡᠶᠢᠲᠡᠯᠡᠭᠰᠡᠨ ᠴᠠᠭ᠄
2024/12/31
     12 ᠰᠠᠷ᠎ᠠ ᠶᠢᠨ 24 ᠤ ᠡᠳᠦᠷ᠂ ᠹᠧᠩᠵᠧᠨ ᠬᠤᠳᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠤᠪᠴᠢᠶ᠎ᠠ ᠪᠤᠯᠤᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠬᠢᠨ ᠬᠤᠳᠠ ᠶᠢᠨ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ︽ᠴᠠᠭ ᠦᠶᠡᠴᠢ ᠪᠤᠭᠤᠷᠤᠯᠴᠤᠳ ᠴᠤᠭ ᠵᠢᠪᠬᠤᠭ᠎ᠠ ᠪᠠᠨ ᠪᠠᠳᠠᠷᠠᠭᠤᠯᠤᠨ ᠰᠦᠭ ᠰᠦᠨᠡᠰᠦ ᠪᠠᠨ ᠱᠤᠭᠤᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠬᠰᠢᠯᠠᠶ᠎ᠠ︾ — 2025 ᠣᠨ ᠤ ᠹᠧᠩᠵᠧᠨ ᠬᠤᠳᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠢᠨ᠎ᠡ ᠵᠢᠯ ᠢᠶᠠᠨ ᠤᠭᠲᠤᠬᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠡᠷᠬᠢᠯᠡᠪᠡ᠃
   ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠤ᠋ ᠸᠧᠶ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠺᠠᠳ᠋ᠷ ᠣᠯᠠᠨ ᠲᠦᠮᠡᠨ ᠲᠠᠢ ᠬᠠᠮᠲᠤ ᠪᠠᠷ ᠲᠣᠭᠯᠠᠯᠲᠠ ᠶᠢ ᠰᠤᠨᠢᠷᠬᠠᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠬᠡᠯᠳᠡᠰ ᠤᠨ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶᠠᠨ ᠳᠠᠷᠤᠭ᠎ᠠ ᠵᠠᠩ ᠹᠦ᠋ ᠴᠢᠶᠠᠩ ᠨᠠᠷ ᠤᠷᠢᠯᠭ᠎ᠠ ᠪᠠᠷ ᠬᠤᠷᠠᠯ ᠳᠤ ᠤᠷᠤᠯᠴᠠᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠤᠭᠴᠢᠳ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠵᠤ᠂ ᠲᠣᠭᠯᠠᠯᠲᠠ ᠨᠢ ᠦᠩᠭᠡ  ᠢᠯᠭᠠᠷᠠᠨ᠂ ᠨᠠᠶᠢᠷᠠᠯ ᠳᠠᠭᠤᠤ ᠶᠢᠨ ᠪᠦᠯᠬᠦᠮ ᠤᠨ ᠳᠠᠭᠤᠯᠠᠭᠰᠠᠨ ︽ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠳᠠᠭᠤᠤ︾ ᠬᠠᠮᠤᠭ ᠤᠨ ᠲᠦᠷᠦᠭᠦᠨ ᠳᠤ ᠡᠬᠢᠯᠡᠬᠦᠯᠦᠨ᠂ ᠢᠷᠠᠭᠤ ᠰᠠᠶᠢᠬᠠᠨ ᠳᠠᠭᠤᠤ ᠨᠢ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠪᠢᠯᠬᠠᠵᠤ᠂ ᠭᠦᠨ ᠰᠡᠳᠬᠢᠯᠭᠡ ᠲᠠᠢ ᠳᠠᠭᠤᠤ ᠨᠢ ᠠᠮᠢᠳᠤᠷᠠᠯ ᠤᠨ ᠲᠤᠬᠠᠢ ᠬᠠᠯᠠᠭᠤᠨ ᠰᠡᠳᠬᠢᠯᠭᠡ᠂ ᠰᠢᠨ᠎ᠡ ᠴᠠᠭ ᠦᠶ᠎ᠡ ᠶᠢᠨ ᠲᠤᠬᠠᠢ ᠮᠠᠭᠲᠠᠭᠠᠯ ᠰᠠᠶᠢᠰᠢᠶᠠᠯ ᠢ ᠳᠠᠮᠵᠢᠭᠤᠯᠪᠠ᠃ ᠵᠠᠯᠭᠠᠭᠠᠳ ᠰᠦᠷ ᠵᠢᠪᠬᠤᠭ᠎ᠠ ᠲᠠᠢ ᠨᠠᠶᠢᠷᠠᠯ ᠳᠠᠭᠤᠤ᠂ ᠢᠷᠠᠭᠤ ᠰᠠᠶᠢᠬᠠᠨ ᠪᠥᠵᠢᠭ᠂ ᠳᠠᠭᠤᠤ ᠰᠡᠳᠬᠢᠯᠭᠡ ᠬᠤᠣᠰᠯᠠᠭᠰᠠᠨ ᠤᠷᠠᠨ ᠤᠩᠰᠢᠯᠭ᠎ᠠ᠂ ᠢᠷᠠᠭᠤ ᠰᠠᠶᠢᠬᠠᠨ ᠰᠢ ᠵᠦᠴᠦᠭᠡ ᠶᠢᠨ ᠲᠣᠭᠯᠠᠯᠲᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ᠲᠠᠶᠢᠰᠠᠨ ᠤ ᠳᠣᠣᠷ᠎ᠠ ᠠᠯᠠᠭ᠎ᠠ ᠲᠠᠰᠢᠯᠳᠠ ᠶᠢᠨ ᠲᠠᠭᠤᠨ ᠢ ᠨᠢᠵᠢᠭᠢᠨᠡᠲᠡᠯ᠎ᠡ ᠴᠤᠤᠷᠢᠶᠠᠲᠤᠭᠤᠯᠪᠠ᠃ ᠰᠢᠷᠢᠰ ᠤᠷᠠᠨ ᠰᠠᠶᠢᠬᠠᠨ ᠤ ᠲᠣᠭᠯᠠᠯᠲᠠ ᠨᠢ ᠨᠠᠰᠤᠲᠠᠶᠢᠴᠤᠳ ᠤᠨ ᠤᠷᠠᠯᠢᠭ ᠤᠨ ᠬᠥᠭᠡᠭᠡᠴᠡᠯᠳᠦᠯ ᠤᠨ ᠲᠠᠯ᠎ᠠ ᠪᠠᠷ ᠬᠢ ᠪᠠᠷᠢᠮᠲᠠᠯᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠡᠭᠦᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠤ ᠬᠦᠴᠦᠲᠡᠢ ᠭᠡᠷᠡᠴᠢ ᠪᠤᠯᠪᠠ᠃
   ᠡᠨᠡ ᠤᠳᠠᠭ᠎ᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠪᠠᠶᠠᠷ ᠪᠠᠶᠠᠰᠬᠤᠯᠠᠩ ᠤᠨ ᠳᠤᠮᠳᠠ ᠲᠡᠭᠦᠰ ᠠᠮᠵᠢᠯᠲᠠ ᠲᠠᠢ ᠲᠡᠭᠦᠰᠴᠦ᠂ ᠨᠠᠰᠤᠲᠠᠶᠢᠴᠤᠳ ᠤᠨ ᠤᠶᠤᠨ ᠰᠠᠨᠠᠭᠠᠨ ᠤ ᠶᠢᠷᠲᠢᠨᠴᠦ ᠶᠢ ᠲᠡᠭᠦᠯᠳᠡᠷᠵᠢᠭᠦᠯᠦᠭᠰᠡᠨ ᠪᠥᠭᠡᠳ ᠨᠠᠮ ᠪᠣᠯᠤᠨ ᠵᠠᠰᠠᠭ ᠤᠨ ᠣᠷᠳᠣᠨ ᠠᠴᠠ ᠨᠠᠰᠤᠲᠠᠶᠢᠴᠤᠳ ᠢ ᠬᠠᠯᠠᠮᠵᠢᠯᠠᠨ ᠬᠦᠨᠳᠦᠳᠬᠡᠵᠦ ᠪᠠᠶᠢᠬᠤ ᠶᠢ ᠬᠠᠷᠠᠭᠤᠯᠪᠠ᠃ ᠡᠨᠡᠬᠦ ᠪᠠᠶᠠᠷ ᠪᠠᠶᠠᠰᠬᠤᠯᠠᠩ ᠲᠠᠢ ᠬᠠᠯᠠᠭᠤᠨ ᠳᠤᠯᠠᠭᠠᠨ ᠠᠭᠤᠷ ᠠᠮᠢᠰᠬᠤᠯ ᠳᠤ᠂ ᠨᠠᠰᠤᠲᠠᠶᠢᠴᠤᠳ ᠰᠢᠨ᠎ᠡ ᠵᠢᠯ ᠢᠶᠠᠨ ᠪᠠᠶᠠᠷᠯᠠᠨ ᠤᠭᠲᠤᠵᠤ᠂ ᠬᠠᠷᠢᠶᠠᠯᠠᠭᠳᠠᠬᠤ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠤᠯᠠᠮ ᠴᠢᠩᠭᠠᠷᠠᠵᠤ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠴᠦᠨ ᠴᠢᠳᠠᠯ ᠢᠶᠠᠨ ᠡᠷᠭᠦᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠨᠢᠭᠡ ᠵᠢᠯ ᠳᠤ ᠨᠡᠩ ᠦᠵᠡᠰᠬᠦᠯᠡᠩᠲᠦ ᠰᠠᠶᠢᠬᠠᠨ ᠢᠯᠠᠮ᠎ᠠ ᠬᠠᠶᠢᠯᠠᠰᠤᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ᠃    ᠨᠠᠶᠢᠷᠠᠭᠤᠯᠤᠭᠴᠢ᠄ ᠯᠢ ᠰᠧ ᠬᠤᠢ    ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3