︽ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ ᠬᠠᠮᠳᠤᠪᠠᠷ ᠬᠦᠰᠡᠯ ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ ᠰᠠᠶᠢᠬᠠᠨ ᠭᠡᠷ ᠣᠷᠣᠨ ᠤ ᠶᠠᠷᠢᠶᠠᠨ ᠤ ᠰᠢᠨ᠎ᠡ ᠰᠤᠷᠲᠠᠯ︾
ᠨᠡᠶᠢᠲᠡᠯᠡᠭᠰᠡᠨ ᠴᠠᠭ᠄
2024/12/31
             ——  ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠢᠨ ᠴᠠᠭᠠᠨ ᠰᠠᠷ᠎ᠠ ᠶᠢ ᠤᠭᠲᠤᠬᠤ ᠤᠷᠠᠨ ᠰᠠᠶᠢᠬᠠᠨ ᠤ ᠠᠵᠢᠯᠯᠠᠭ᠎ᠠ ᠵᠢᠴᠢ ᠴᠠᠭᠠᠨ ᠰᠠᠷ᠎ᠠ ᠶᠢᠨ ᠴᠠᠢ ᠶᠢᠨ ᠶᠠᠷᠢᠶ᠎ᠠ ᠬᠡᠯᠡᠯᠴᠡᠭᠡᠨ ᠤ ᠰᠠᠭᠤᠳᠠᠯ ᠤᠨ ᠬᠤᠷᠠᠯ ᠬᠢᠪᠡ    12 ᠰᠠᠷ᠎ᠠ ᠶᠢᠨ 27 ᠤ ᠡᠳᠦᠷ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠢᠨ ᠴᠠᠭᠠᠨ ᠰᠠᠷ᠎ᠠ ᠶᠢ ᠤᠭᠲᠤᠬᠤ ᠤᠷᠠᠨ ᠰᠠᠶᠢᠬᠠᠨ ᠤ ᠠᠵᠢᠯᠯᠠᠭ᠎ᠠ ᠵᠢᠴᠢ ᠴᠠᠭᠠᠨ ᠰᠠᠷ᠎ᠠ ᠶᠢᠨ ᠴᠠᠢ ᠶᠢᠨ ᠶᠠᠷᠢᠯᠴᠠᠭᠠᠨ ᠤ ᠰᠠᠭᠤᠳᠠᠯ ᠤᠨ ᠬᠤᠷᠠᠯ ᠢ ᠡᠷᠭᠢᠯᠡᠪᠡ᠃ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠸᠠᠩ ᠯᠠᠢ ᠱᠤᠸᠠᠨ ᠲᠣᠭᠯᠠᠯᠲᠠ ᠶᠢ ᠰᠤᠨᠢᠷᠬᠠᠬᠰᠠᠨ ᠪᠥᠭᠡᠳ ᠰᠠᠭᠤᠳᠠᠯ ᠤᠨ ᠬᠤᠷᠠᠯ ᠳᠤ ᠣᠷᠣᠯᠴᠠᠪᠠ᠃
   ᠤᠷᠠᠨ ᠰᠠᠶᠢᠬᠠᠨ ᠤ ᠲᠣᠭᠯᠠᠯᠲᠠ ᠶᠢᠨ ᠭᠤᠭᠴᠤᠭ᠎ᠠ ᠳᠤ᠂ ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ ᠪᠥᠵᠢᠭ᠂ ᠤᠷᠠᠨ ᠤᠩᠰᠢᠯᠭ᠎ᠠ᠂ ᠤᠷᠠᠨ ᠲᠣᠭᠯᠠᠯᠲᠠ᠂ ᠳᠠᠭᠤᠤ ᠳᠠᠭᠤᠯᠠᠬᠤ ᠵᠡᠷᠭᠡ ᠪᠠᠶᠠᠯᠢᠭ ᠲᠣᠭᠯᠠᠯᠲᠠ ᠶᠢ ᠥᠪᠡᠷ ᠢᠶᠠᠨ ᠨᠠᠶᠢᠷᠠᠭᠤᠯᠵᠤ ᠥᠪᠡᠷ ᠢᠶᠠᠨ ᠵᠢᠯᠤᠭᠤᠳᠴᠤ᠂ ᠵᠠᠭᠤᠴᠢᠯᠠᠭᠤᠷ ᠤᠨ ᠬᠥᠮᠥᠰ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠤᠯᠠᠨ ᠤ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠬᠦᠷ ᠬᠥᠭᠵᠢᠶᠡᠨ ᠢᠶᠠᠷ ᠪᠢᠯᠬᠠᠪᠠ᠃
   ᠲᠣᠭᠯᠠᠯᠲᠠ ᠳᠠᠭᠤᠰᠤᠭᠰᠠᠨ ᠤ ᠳᠠᠷᠠᠭ᠎ᠠ᠂ ᠰᠢᠨ᠎ᠡ ᠵᠢᠯ ᠤᠨ ᠴᠠᠢ ᠶᠢᠨ ᠶᠠᠷᠢᠯᠴᠠᠭᠠᠨ ᠤ ᠰᠠᠭᠤᠳᠠᠯ ᠤᠨ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠬᠠᠮ ᠵᠠᠭᠤᠴᠢᠯᠠᠭᠤᠷ ᠤᠨ ᠲᠥᠪ ᠤᠨ ᠬᠥᠭᠵᠢᠯᠲᠡ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠠᠭᠤᠯᠭ᠎ᠠ ᠶᠢᠨ ᠰᠢᠨ᠎ᠡ ᠶᠢ ᠡᠭᠦᠳᠬᠦ᠂ ᠮᠡᠷᠭᠡᠵᠢᠯ ᠤᠨ ᠲᠠᠰ ᠳᠡᠪᠰᠢᠬᠦ ᠠᠴᠠ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠴᠤ᠂ ᠬᠥᠭᠵᠢᠯᠲᠡ ᠳᠤ ᠠᠷᠭ᠎ᠠ ᠤᠬᠠᠭᠠᠨ ᠭᠠᠷᠭᠠᠪᠠ᠃
   ᠲᠣᠰ ᠤᠳᠠᠭᠠᠨ ᠤ ᠠᠵᠢᠯᠯᠠᠭ᠎ᠠ ᠨᠢ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠢᠷᠡᠭᠡᠳᠦᠢ ᠶᠢᠨ ᠴᠢᠭᠯᠡᠯ ᠢ ᠲᠣᠳᠣᠷᠬᠠᠢ ᠪᠣᠯᠭᠠᠵᠤ᠂ ᠰᠢᠨ᠎ᠡ ᠨᠢᠭᠡ ᠵᠢᠯ ᠤᠨ ᠠᠵᠢᠯ ᠤᠨ ᠥᠷᠨᠢᠯᠲᠡ ᠳᠤ ᠬᠦᠴᠦᠨ ᠨᠡᠮᠡᠷᠢᠯᠡᠪᠡ᠃ ᠤᠯᠠᠨ ᠢᠶᠠᠷ ᠢᠶᠠᠨ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠳᠤ ᠣᠷᠣᠯᠴᠠᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠪᠠ ᠤᠶᠤᠨ ᠤᠬᠠᠭᠠᠨ ᠨᠡᠮᠡᠷᠢᠯᠡᠨ᠎ᠡ ᠭᠡᠵᠦ ᠣᠪᠣᠷ ᠢᠶᠠᠨ ᠢᠯᠡᠳᠭᠡᠵᠡᠭᠡᠪᠡ᠃         ᠵᠣᠬᠢᠶᠠᠭᠴᠢ᠄ ᠸᠠᠩ‌ᠨᠢᠩ ᠪᠦᠸᠧ  ᠬᠤᠤ ᠴᠧᠨ ᠹᠧᠩ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3