| ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠪᠡᠯ᠂ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠣᠷᠣᠨ ᠢ ᠨᠢᠭᠡᠨᠲᠡ ᠵᠠᠭᠠᠭᠯᠠᠨ ᠲᠣᠭᠲᠠᠭᠠᠪᠠ᠂ ᠡᠳᠦᠭᠡ ᠹᠧᠩᠵᠧᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠣᠷᠣᠨ ᠤ ᠬᠡᠪᠴᠢᠶᠡᠨ ᠤ ᠠᠮᠤᠷ ᠲᠦᠪᠰᠢᠨ ᠤ ᠲᠣᠭᠲᠠᠭᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ︵ᠳ᠋ᠠᠲ᠋ᠦ᠋ᠩ —— ᠵᠡᠭᠦᠨᠭᠠᠷ ᠬᠦᠷᠬᠦ ᠱᠤᠭᠤᠮ ᠤᠨ | K27+300-K65+000︶ ᠤᠨ ᠪᠦᠬᠦ ᠤᠷᠳᠤ ᠨᠢ 37.7 ᠺᠢᠯᠣᠮᠧᠲᠷ᠂ ᠠᠶᠤᠯᠭᠦᠢ ᠶᠢᠨ | ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠶᠢ ᠲᠡᠮᠦᠷ ᠵᠠᠮ ᠤᠨ ᠱᠤᠭᠤᠮ ᠤᠨ ᠲᠠᠯᠠᠩ ᠤᠨ ᠪᠡᠯ ᠤᠨ ᠬᠥᠲᠥᠯ᠂ | ᠵᠠᠮ ᠤᠨ ᠰᠤᠪᠠᠭ ᠤᠨ ᠪᠡᠯ ᠤᠨ ᠣᠷᠣᠢ ᠪᠤᠶᠤ ᠲᠡᠮᠦᠷ ᠵᠠᠮ ᠤᠨ ᠬᠥᠭᠦᠷᠭᠡ ︵ᠲᠡᠮᠦᠷ ᠵᠠᠮ᠂ ᠵᠠᠮ ᠬᠤᠶᠠᠷ | ᠬᠡᠷᠡᠭᠴᠡᠭᠡᠲᠦ ᠬᠥᠭᠦᠷᠭᠡ ᠪᠠᠭᠲᠠᠨ᠎ᠠ︶ ᠶᠢᠨ ᠭᠠᠳᠠᠷ ᠲᠠᠯ᠎ᠠ ᠠᠴᠠ ᠡᠬᠢᠯᠡᠨ ᠭᠠᠳᠠᠭᠰᠢ ᠶᠠᠪᠤᠭᠤᠯᠬᠤ ᠵᠠᠢ ᠨᠢ ᠲᠣᠰᠪᠣᠷᠢ | ᠳᠣᠣᠷᠠᠬᠢ ᠮᠡᠲᠦ᠄ | 1. ᠬᠤᠳᠠ ᠶᠢᠨ ᠲᠣᠭᠤᠷᠢᠭ ᠤᠨ ᠡᠩ ᠤᠨ ᠬᠤᠷᠳᠤᠴᠠᠲᠤ ᠲᠡᠮᠦᠷ ᠵᠡᠮ ᠨᠢ 8 ᠮᠧᠲᠷ︔ | 2. ᠬᠤᠲᠠ ᠶᠢᠨ ᠲᠡᠭᠦᠷᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠡᠩ ᠤᠨ | ᠬᠤᠷᠳᠤᠴᠠᠲᠤ ᠲᠡᠮᠦᠷ ᠵᠠᠮ ᠨᠢ 10 ᠮᠧᠲᠷ︔ | 3. ᠲᠣᠰᠬᠤᠨ ᠪᠠᠯᠭᠠᠰᠤ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠡᠩ ᠤᠨ | ᠬᠤᠷᠳᠤᠴᠠ ᠶᠢᠨ ᠲᠡᠮᠦᠷ ᠵᠠᠮ ᠨᠢ 12 ᠮᠧᠲᠷ︔ | 4. ᠪᠤᠰᠤᠳ ᠭᠠᠵᠠᠷ ᠣᠷᠣᠨ ᠤ ᠡᠩ ᠤᠨ ᠬᠤᠷᠳᠤᠴᠠᠲᠤ ᠲᠡᠮᠦᠷ ᠵᠡᠮ ᠨᠢ 15 ᠮᠧᠲᠷ᠃ | ᠡᠭᠦᠨ ᠳᠤ᠂ ᠵᠠᠮ ᠤᠨ ᠳᠠᠯᠠᠩ ᠤᠨ ᠪᠠᠯ ᠤᠨ ᠬᠤᠷᠮᠣᠢ ᠭᠡᠳᠡᠭ ᠨᠢ ᠵᠠᠮ ᠤᠨ ᠰᠠᠭᠤᠷᠢ ᠶᠢᠨ ᠬᠠᠵᠠᠭᠤ ᠶᠢᠨ | ᠪᠠᠯ ᠤᠨ ᠭᠠᠵᠠᠷ ᠤᠨ ᠭᠠᠳᠠᠷᠭᠤ ᠲᠠᠢ ᠵᠠᠯᠭᠠᠯᠳᠤᠭᠰᠠᠨ ᠬᠡᠰᠡᠭ ᠢ ᠵᠢᠭᠠᠵᠤ ᠪᠣᠶ᠂ ᠵᠠᠮ ᠤᠨ ᠰᠤᠪᠠᠭ ᠤᠨ ᠪᠠᠯ ᠤᠨ | ᠣᠷᠣᠢ ᠭᠡᠳᠡᠭ ᠨᠢ ᠵᠠᠮ ᠤᠨ ᠰᠤᠪᠠᠭ ᠤᠨ ᠪᠠᠯ ᠤᠨ ᠨᠢᠭᠤᠷ ᠤᠨ ᠭᠠᠵᠠᠷ ᠤᠨ ᠭᠠᠳᠠᠷᠭᠤ ᠲᠠᠢ ᠵᠠᠯᠭᠠᠯᠳᠤᠭᠰᠠᠨ | ᠬᠡᠰᠡᠭ ᠢ ᠵᠢᠭᠠᠵᠤ ᠪᠣᠶ᠃ | ᠬᠤᠶᠠᠷ᠂ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ᠳᠠᠭᠠᠤ ᠶᠢᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠵᠢᠴᠢ ᠬᠤᠪᠢ ᠬᠥᠮᠥᠨ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ | ᠬᠠᠮᠢᠶ᠎ᠠ ᠪᠦᠬᠦᠢ ᠲᠣᠭᠲᠠᠭᠠᠯ ᠢ ᠬᠠᠤᠯᠢ ᠶᠣᠰᠣᠭᠠᠷ ᠵᠢᠷᠤᠮᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ | ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ᠤᠨ | ᠨᠢᠭᠡᠴᠡ ᠨᠦᠭᠦᠳ ᠲᠣᠰ ᠠᠯᠪᠠᠨ ᠵᠠᠷ ᠤᠨ ᠬᠡᠪᠴᠢᠶ᠎ᠡ ᠶᠢᠨ ᠶᠣᠰᠣᠭᠠᠷ ᠪᠠᠷᠢᠮᠵᠢᠶᠠᠲᠤ ᠱᠣᠩ ᠪᠣᠰᠬᠠᠵᠤ᠂ ᠡᠯ᠎ᠡ | ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠵᠢᠴᠢ ᠵᠠᠮ ᠳᠠᠭᠠᠤ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠬᠤᠪᠢ ᠬᠥᠮᠥᠨ ᠬᠠᠤᠯᠢ ᠶᠣᠰᠣᠭᠠᠷ ᠳᠡᠮᠵᠢᠯᠭᠡ ᠦᠵᠡᠭᠦᠯᠬᠦ ᠬᠡᠷᠡᠭᠲᠡᠢ᠃ | ᠭᠤᠷᠪᠠ᠂ ᠳ᠋ᠠᠲ᠋ᠦ᠋ᠩ —— ᠵᠡᠭᠦᠨᠭᠠᠷ ᠬᠦᠷᠬᠦ ᠲᠡᠮᠦᠷ ᠵᠠᠮ ᠤᠨ ᠠᠶᠤᠯ ᠦᠭᠡᠢ ᠶᠢᠨ ᠬᠠᠮᠠᠭᠠᠯᠠᠯᠲᠠ ᠶᠢᠨ | ᠣᠷᠣᠨ ᠳᠤ ︽ᠲᠡᠮᠦᠷ ᠵᠠᠮ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ︾ ᠤᠨ ᠳᠣᠣᠷᠠᠬᠢ ᠬᠤᠯᠪᠣᠭᠳᠠᠯ | ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠲᠡᠮᠦᠷ ᠵᠠᠮ ᠤᠨ ᠱᠤᠭᠤᠮ ᠤᠨ ᠠᠶᠤᠯ ᠦᠭᠡᠢ ᠶᠢᠨ ᠬᠠᠮᠠᠭᠠᠯᠠᠯᠲᠠ ᠶᠢᠨ ᠣᠷᠣᠨ ᠳᠤ ᠠᠲᠠᠷᠰᠢᠭᠤᠯᠬᠤ᠂ | ᠮᠠᠯ ᠬᠠᠷᠢᠭᠤᠯᠬᠤ᠂ ᠲᠡᠮᠦᠷ ᠵᠠᠮ ᠤᠨ ᠱᠤᠭᠤᠮ ᠤᠨ ᠠᠶᠤᠯ ᠦᠭᠡᠢ ᠶᠢ ᠨᠥᠯᠥᠭᠡᠯᠡᠬᠦ ᠪᠠ ᠬᠠᠷᠠᠭ᠎ᠠ ᠶᠢ ᠪᠠᠷᠠᠯᠠᠬᠤ | ᠮᠣᠳᠣ ᠵᠡᠷᠭᠡ ᠤᠷᠭᠤᠮᠠᠯ ᠲᠠᠷᠢᠬᠤ ᠶᠢ ᠴᠠᠭᠠᠵᠠᠯᠠᠨ᠎ᠠ᠃ ᠲᠡᠮᠦᠷ ᠵᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠣᠷᠣᠨ ᠳᠤ ᠪᠣᠬᠢᠷᠲᠤᠯ ᠭᠠᠳᠠᠭᠰᠢᠯᠠᠭᠤᠯᠬᠤ᠂ ᠬᠤᠭ ᠨᠣᠪᠰᠢ ᠬᠠᠶᠠᠬᠤ ᠵᠢᠴᠢ ᠲᠡᠮᠦᠷ ᠵᠡᠮ ᠤᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠬᠤ ᠪᠤᠰᠤᠳ ᠪᠣᠳᠠᠰ ᠴᠢᠳᠬᠤᠬᠤ ᠶᠢ ᠴᠠᠭᠠᠵᠠᠯᠠᠨ᠎ᠠ᠃ | ︵ᠬᠤᠶᠠᠷ︶ ᠲᠡᠮᠦᠷ ᠵᠡᠮ ᠤᠨ ᠱᠤᠭᠤᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠳᠤ ᠪᠠᠷᠢᠯᠭ᠎ᠠ᠂ | ᠪᠠᠷᠢᠯᠭ᠎ᠠ ᠶᠢᠨ ᠵᠦᠢᠯ ᠵᠡᠷᠭᠡ ᠲᠥᠬᠦᠭᠡᠷᠦᠮᠵᠢ ᠪᠠᠶᠢᠭᠤᠯᠬᠤ᠂ ᠰᠢᠷᠣᠢ ᠠᠪᠬᠤ᠂ ᠡᠯᠡᠰᠦ ᠮᠠᠯᠲᠠᠬᠤ᠂ ᠰᠤᠪᠠᠭ ᠮᠠᠯᠲᠠᠬᠤ᠂ | ᠬᠤᠭᠤᠰᠤᠨ ᠮᠠᠯᠲᠠᠬᠤ ᠠᠵᠢᠯ ᠬᠢᠬᠦ ᠪᠤᠶᠤ ᠡᠳ᠋ ᠪᠣᠳᠠᠰ ᠣᠪᠣᠭᠠᠯᠠᠵᠤ ᠲᠠᠯᠪᠢᠬᠤ᠂ ᠡᠯᠭᠦᠬᠦ ᠠᠵᠢᠯ ᠢ ᠬᠢᠬᠦ ᠳᠡᠭᠡᠨ | ᠲᠡᠮᠦᠷ ᠵᠡᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠢ ᠣᠯᠬᠤ ᠶᠢᠨ ᠬᠠᠮᠲᠤ ᠠᠶᠤᠯᠭᠦᠢ ᠶᠢᠨ | ᠬᠡᠯᠡᠯᠴᠡᠭᠡᠷ ᠲᠣᠭᠲᠠᠭᠠᠵᠤ᠂ ᠲᠡᠮᠦᠷ ᠵᠡᠮ ᠤᠨ ᠠᠶᠤᠯᠭᠦᠢ ᠶᠢ ᠪᠠᠲᠤᠯᠠᠬᠤ ᠤᠯᠤᠰ ᠤᠨ ᠪᠠᠷᠢᠮᠵᠢᠶ᠎ᠠ᠂ ᠠᠵᠢᠯ | ᠲᠦᠷᠦᠯ ᠤᠨ ᠪᠠᠷᠢᠮᠵᠢᠶ᠎ᠠ ᠪᠠ ᠪᠠᠷᠢᠯᠭ᠎ᠠ ᠶᠢᠨ ᠠᠵᠢᠯ ᠤᠨ ᠠᠶᠤᠯᠭᠦᠢ ᠶᠢᠨ ᠵᠢᠷᠤᠮᠵᠢᠯ ᠢ ᠵᠢᠷᠤᠮᠯᠠᠵᠤ᠂ ᠠᠷᠭ᠎ᠠ ᠬᠡᠮᠵᠢᠶ᠎ᠡ | ᠠᠪᠴᠤ ᠪᠠᠶᠢᠭᠠᠳ ᠲᠡᠮᠦᠷ ᠵᠡᠮ ᠤᠨ ᠲᠡᠭᠡᠭᠡᠪᠦᠷᠢ ᠶᠢᠨ ᠠᠶᠤᠯᠭᠦᠢ ᠶᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ᠃ | ᠲᠡᠮᠦᠷ ᠵᠡᠮ ᠤᠨ ᠲᠡᠭᠡᠭᠡᠪᠦᠷᠢ ᠶᠢᠨ ᠠᠵᠤ ᠠᠬᠤᠶᠢᠯᠠᠯ ᠬᠥᠮᠥᠨ ᠲᠣᠮᠢᠯᠠᠨ ᠪᠠᠷᠢᠯᠭ᠎ᠠ ᠶᠢᠨ ᠠᠵᠢᠯ ᠤᠨ ᠲᠤᠬᠠᠢ ᠶᠢᠨ | ᠭᠠᠵᠠᠷ ᠲᠤ ᠠᠶᠤᠯᠭᠦᠢ ᠶᠢᠨ ᠬᠢᠨᠠᠯᠲᠠ ᠲᠠᠯᠪᠢᠬᠤ ᠬᠡᠷᠡᠭᠲᠡᠢ᠃ | ︵ᠭᠤᠷᠪᠠ︶ ᠲᠡᠮᠦᠷ ᠵᠡᠮ ᠤᠨ ᠱᠤᠭᠤᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠵᠢᠴᠢ ᠲᠡᠭᠦᠨ ᠤ | ᠣᠶᠢᠷ᠎ᠠ ᠬᠠᠪᠢ ᠶᠢᠨ ᠣᠷᠣᠨ ᠪᠦᠰᠡ ᠳᠤ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠲᠤᠨᠤᠬ | ᠲᠥᠬᠦᠭᠡᠷᠦᠮᠵᠢ ᠵᠡᠷᠭᠡ ᠶᠢ ᠤᠯᠤᠰ ᠠᠴᠠ ᠲᠣᠭᠲᠠᠭᠠᠭᠰᠠᠨ ᠲᠡᠮᠦᠷ ᠵᠡᠮ ᠤᠨ ᠪᠠᠷᠢᠯᠭ᠎ᠠ ᠶᠢᠨ ᠬᠢᠵᠠᠭᠠᠷ ᠬᠡᠪᠴᠢᠶᠡᠨ ᠳᠤ | ᠣᠷᠣᠭᠤᠯᠵᠤ ᠪᠣᠯᠬᠤ ᠦᠭᠡᠢ᠃ | ︵ᠳᠥᠷᠪᠡ︶ ᠲᠡᠮᠦᠷ ᠵᠠᠮ ᠤᠨ ᠬᠤᠶᠠᠷ ᠬᠠᠵᠠᠭᠤ ᠪᠠᠷ ᠠᠭᠤᠷᠬᠠᠢ ᠮᠠᠯᠲᠠᠬᠤ᠂ ᠴᠢᠯᠠᠭᠤ ᠭᠠᠷᠭᠠᠬᠤ ᠪᠤᠶᠤ | ᠳᠡᠯᠪᠡᠴᠢᠬᠦ ᠠᠵᠢᠯ ᠬᠢᠬᠦ ᠳᠡᠭᠡᠨ ᠠᠭᠤᠷᠬᠠᠢ ᠮᠠᠯᠲᠠᠬᠤ ᠪᠠ ᠠᠷᠠᠳ ᠤᠨ ᠬᠡᠷᠡᠭᠯᠡᠭᠡᠨ ᠤ ᠳᠡᠯᠪᠡᠴᠢᠬᠦ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ | ᠪᠠᠷᠢᠮᠵᠢᠶ᠎ᠠ ᠪᠠ ᠲᠡᠮᠦᠷ ᠵᠠᠮ ᠤᠨ ᠠᠶᠤᠯᠭᠦᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ | ᠪᠤᠰᠤᠳ ᠵᠦᠢᠯᠡᠰ ᠢ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠢᠶᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠡᠭᠦᠨ᠎ᠡ ᠣᠨᠴᠠᠭᠠᠶᠢᠯᠠᠨ ᠵᠠᠷᠯᠠᠪᠠ | | | | ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ | 2024 ᠣᠨ ᠤ 11 ᠰᠠᠷ᠎ᠠ ᠶᠢᠨ 13 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |