| ᠪᠥᠬᠦ ᠬᠤᠲᠠ ᠶᠢᠨ ᠥᠷᠭᠡᠨ ᠣᠯᠠᠨ ᠰᠤᠷᠬᠤ ᠨᠠᠰᠤᠨ ᠤ ᠵᠠᠯᠠᠭᠤᠴᠤᠳ ᠵᠢᠴᠢ ᠭᠡᠷ ᠤᠨ ᠠᠬᠠᠮᠠᠳ ᠨᠠᠶᠢᠵᠠ ᠨᠠᠷ ᠡ᠄ | ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ | ᠵᠣᠬᠢᠬᠤ ᠢᠷᠠᠭᠤ ᠠᠯᠳᠠᠷᠲᠤ ᠡᠭᠦᠷᠭᠡ ᠮᠥᠨ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ | ᠬᠡᠷᠪᠡ ᠴᠡᠷᠢᠭ ᠤᠨ ᠬᠤᠸᠠᠷᠠᠨ ᠳᠤ ᠣᠷᠣᠪᠠᠯ᠂ ᠡᠷᠡᠭᠦᠯ ᠴᠢᠭᠢᠷᠠᠭ ᠪᠡᠶ᠎ᠡ ᠮᠠᠬᠠᠪᠤᠳ ᠢᠶᠠᠨ ᠳᠠᠪᠲᠠᠨ | ᠪᠣᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠮᠡᠷᠭᠡᠵᠢᠯ ᠰᠤᠷᠬᠤ᠂ ᠪᠠᠭ᠎ᠠ ᠣᠹᠢᠼᠧᠷ ᠢ ᠰᠣᠩᠭᠤᠬᠤ᠂ | ᠰᠤᠷᠭᠠᠭᠤᠯᠢ ᠳᠤ ᠰᠢᠯᠭᠠᠭᠤᠯᠤᠨ ᠺᠠᠳ᠋ᠷ ᠳᠡᠪᠰᠢᠭᠦᠯᠬᠦ᠂ ᠣᠨᠳᠣᠣ ᠨᠢᠭᠡ ᠵᠦᠢᠯ ᠤᠨ ᠭᠤᠶᠢᠳᠠ ᠰᠠᠶᠢᠬᠠᠨ ᠬᠥᠮᠥᠨ ᠤ | ᠠᠮᠢᠳᠤᠷᠠᠯ ᠢ ᠪᠢᠴᠢᠭᠯᠡᠬᠦ ᠵᠠᠪᠰᠢᠶᠠᠨ ᠲᠠᠢ ᠪᠣᠯᠣᠨ᠎ᠠ᠂ ᠨᠡᠩ ᠴᠢᠬᠤᠯᠠ ᠨᠢ ᠠᠯᠤᠰ ᠬᠡᠳᠦ ᠶᠢᠨ ᠬᠦᠰᠡᠯ ᠵᠣᠷᠢᠯᠲᠠ ᠶᠢ | ᠪᠠᠲᠤᠳᠬᠠᠵᠤ᠂ ᠡᠷᠡᠰ ᠬᠠᠲᠠᠭᠤ ᠰᠥᠰᠥ ᠵᠣᠷᠢᠭ ᠢ ᠳᠠᠪᠲᠠᠨ ᠪᠣᠯᠪᠠᠰᠤᠷᠠᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ | ᠪᠠᠲᠤ ᠶᠢ ᠴᠢᠩᠭᠠᠳᠬᠠᠵᠤ᠂ ᠰᠠᠶᠢᠨ ᠰᠠᠶᠢᠬᠠᠨ ᠵᠠᠩ ᠰᠤᠷᠲᠠᠯ ᠢ ᠬᠥᠮᠥᠵᠢᠭᠦᠯᠬᠦ ᠵᠡᠷᠭᠡ ᠳᠤᠬᠢᠶᠠᠯ ᠲᠠᠢ ᠪᠣᠯᠣᠨ᠎ᠠ᠂ | ᠡᠳᠡᠭᠡᠷ ᠨᠢ ᠴᠥᠮ ᠬᠥᠮᠥᠨ ᠨᠢᠭᠡᠪᠦᠷᠢ ᠶᠢᠨ ᠠᠮᠵᠢᠯᠲᠠ ᠳᠤ ᠬᠦᠷᠬᠦ ᠵᠠᠮ ᠤᠨ ᠴᠢᠬᠤᠯᠠ ᠰᠠᠭᠤᠷᠢ ᠪᠣᠯᠬᠤ ᠶᠤᠮ᠃ | ᠨᠢᠭᠡ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ | ᠳᠡᠭᠡᠷ᠎ᠡ ᠬᠠᠭᠠᠰ ᠵᠢᠯ ᠳᠤ ᠨᠡᠷ᠎ᠡ ᠮᠡᠳᠡᠭᠦᠯᠬᠦ᠄ 2024 ᠣᠨ ᠤ 12 ᠰᠠᠷ᠎ᠠ ᠶᠢᠨ 1 ᠤ ᠡᠳᠦᠷ ᠠᠴᠠ 2025 | ᠣᠨ ᠤ 2 ᠰᠠᠷ᠎ᠠ ᠶᠢᠨ 10 ᠤ ᠡᠳᠦᠷ ᠪᠣᠯᠲᠠᠯ᠎ᠠ︔ | ᠳᠣᠣᠷ᠎ᠠ ᠬᠠᠭᠠᠰ ᠵᠢᠯ ᠳᠤ ᠨᠡᠷ᠎ᠡ ᠮᠡᠳᠡᠭᠦᠯᠬᠦ᠄ | ᠡᠷᠡᠭᠲᠡᠢ ᠴᠡᠷᠢᠭ᠄ 2024 ᠣᠨ ᠤ 12 ᠰᠠᠷ᠎ᠠ ᠶᠢᠨ 1 ᠤ ᠡᠳᠦᠷ ᠠᠴᠠ 2025 ᠣᠨ ᠤ 8 ᠰᠠᠷ᠎ᠠ ᠶᠢᠨ | 10 ᠤ ᠡᠳᠦᠷ ᠪᠣᠯᠲᠠᠯ᠎ᠠ︔ | ᠡᠮᠡᠭᠲᠡᠢ ᠴᠡᠷᠢᠭ᠄ 2025 ᠣᠨ ᠤ 7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ10 ᠤ ᠡᠳᠦᠷ ᠪᠤᠯᠲᠠᠯ᠎ᠠ᠃ | | ★ ᠨᠡᠷ᠎ᠡ ᠮᠡᠳᠡᠭᠦᠯᠬᠦ ᠰᠠᠨᠠᠭᠤᠯᠤᠮᠵᠢ᠄ ᠡᠷᠡᠭᠲᠡᠢ ᠴᠡᠷᠢᠭ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠡᠷᠬᠡᠪᠰᠢ | ᠴᠡᠷᠢᠭ ᠤᠨ ᠠᠯᠪᠠᠨ ᠳᠤ ᠪᠦᠷᠢᠳᠬᠡᠭᠦᠯᠬᠦ ᠬᠡᠷᠡᠭᠲᠡᠢ᠃ | ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ︵ᠰᠦᠯᠵᠢᠶᠡᠨ ᠤ ᠬᠠᠶ᠋ᠢᠭ᠄ http://www.gfbzb. | gov.cn︶ ᠳᠤ ᠭᠠᠷᠴᠤ᠂ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠵᠤ ᠨᠡᠷ᠎ᠡ ᠮᠡᠳᠡᠭᠦᠯᠬᠦ ᠶᠢᠨ ᠬᠠᠮᠲᠤ | ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠲᠤ | ᠳᠠᠩᠰᠠᠯᠠᠭᠤᠯᠵᠤ᠂ ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠶᠢ ᠬᠦᠯᠢᠶᠡᠨ᠎ᠡ᠃ | ᠬᠤᠶᠠᠷ᠂ ᠴᠡᠷᠢᠭ ᠲᠤ ᠡᠯᠰᠡᠭᠳᠡᠬᠦ ᠦᠨᠳᠦᠰᠦᠨ ᠨᠥᠬᠦᠴᠡᠯ | ︵ᠨᠢᠭᠡ︶ ᠴᠡᠷᠢᠭ ᠲᠤ ᠡᠯᠰᠡᠬᠦ ᠨᠠᠰᠤ | ᠡᠷᠡᠭᠲᠡᠢ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠡᠲᠡᠭᠡᠳ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ | ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ | ᠬᠡᠮᠵᠢᠶ᠎ᠡ ᠲᠠᠢ ᠵᠠᠯᠠᠭᠤᠴᠤᠳ ︵ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶᠂ | ᠪᠦᠬᠦᠯᠢ 18 ︱ ᠪᠦᠬᠦᠯᠢ 22 ᠨᠠᠰᠤ ᠭᠦᠷᠦᠭᠰᠡᠨ ᠪᠠᠶᠢᠬᠤ ᠬᠡᠷᠡᠭᠲᠡᠢ︔ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠳᠡᠭᠡᠳᠦ | ᠰᠤᠷᠭᠠᠭᠤᠯᠢ ᠲᠡᠭᠦᠰᠦᠭᠰᠡᠳ ᠪᠦᠬᠦᠯᠢ 18 ︱ 24 ᠨᠠᠰᠤ ᠭᠦᠷᠦᠭᠰᠡᠨ ᠪᠠᠶᠢᠬᠤ ᠬᠡᠷᠡᠭᠲᠡᠢ︔ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ᠂ ᠪᠦᠬᠦᠯᠢ 18 | ᠨᠠᠰᠤᠨ ᠠᠴᠠ ᠪᠦᠬᠦᠯᠢ 20 ᠨᠠᠰᠤᠨ ᠳᠤ ᠬᠦᠷᠦᠭᠰᠡᠳ᠃ | ᠡᠮᠡᠭᠲᠡᠢ ᠴᠡᠷᠢᠭ ᠤᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠡᠲᠡᠭᠡᠳ᠄ | ᠲᠦᠷᠦᠭᠦᠸ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ᠄ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ | ᠰᠣᠷᠣᠭᠴᠢ᠂ ᠪᠦᠬᠦᠯᠢ 18 ︱ 22 ᠨᠠᠰᠤ ᠭᠦᠷᠦᠭᠰᠡᠨ ᠪᠠᠶᠢᠬᠤ ᠬᠡᠷᠡᠭᠲᠡᠢ︔ 2024 ᠣᠨ ᠳᠤ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ | ᠰᠤᠷᠤᠭᠴᠢᠳ 2025 ᠣᠨ ᠤ ᠳᠡᠭᠡᠷ᠎ᠡ ᠬᠠᠭᠠᠰ ᠵᠢᠯ ᠳᠤ ᠡᠮᠡᠭᠲᠡᠢ ᠴᠡᠷᠢᠭ ᠡᠯᠰᠡᠬᠦ ᠳᠤ ᠨᠡᠷ᠎ᠡ ᠮᠡᠳᠡᠭᠦᠯᠦᠨ | ᠣᠷᠣᠯᠴᠠᠵᠤ ᠪᠣᠯᠣᠨ᠎ᠠ᠂ ᠨᠠᠰᠤ ᠶᠢ ᠨᠢ ᠪᠦᠬᠦᠯᠢ 23 ᠨᠠᠰᠤ ᠬᠦᠷᠲᠡᠯ᠎ᠡ ᠠᠭᠤᠵᠢᠭᠤ ᠪᠣᠯᠭᠠᠨ᠎ᠠ᠃ | ᠳᠣᠣᠷ᠎ᠠ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ᠄ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠ ᠡᠩ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ | ᠰᠣᠷᠣᠭᠴᠢ᠂ ᠪᠦᠬᠦᠯᠢ 18 ︱ 22 ᠨᠠᠰᠤ ᠭᠦᠷᠦᠭᠰᠡᠨ ᠪᠠᠶᠢᠬᠤ ᠬᠡᠷᠡᠭᠲᠡᠢ᠃ | ︵ᠬᠤᠶᠠᠷ︶ ᠪᠡᠶ᠎ᠡ ᠶᠢᠨ ᠦᠨᠳᠦᠰᠦᠨ ᠨᠥᠬᠦᠴᠡᠯ | ᠡᠷᠡᠭᠲᠡᠢ᠄ ᠡᠷᠬᠡᠪᠰᠢ ᠴᠢᠰᠤᠨ ᠤ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠤᠨ ᠪᠠᠶᠢᠴᠠᠭᠠᠯᠲᠠ ᠶᠢᠨ | ᠵᠦᠢᠯ ᠢ ᠨᠡᠮᠡᠵᠦ ᠪᠠᠶᠢᠴᠠᠭᠠᠨ᠎ᠠ᠂ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠤᠨ ᠵᠠᠭᠤᠨ ᠤ ᠬᠠᠷᠢᠴᠠᠯ ᠠᠴᠠ | ᠪᠠᠭ᠎ᠠ ᠪᠠᠶᠢᠪᠠᠯ ᠰᠠᠶ᠋ᠢ ᠬᠢᠷᠢ ᠲᠡᠩᠴᠡᠨ᠎ᠡ᠃ | ᠬᠠᠷᠠᠭ᠎ᠠ᠄ ᠨᠢᠳᠦ ᠦᠭᠡᠢ ᠬᠠᠷᠠᠭ᠎ᠠ ᠨᠢ 4.5 ᠠᠴᠠ ᠳᠣᠣᠷ᠎ᠠ ᠪᠠᠶᠢᠵᠤ ᠪᠣᠯᠬᠤ ᠦᠭᠡᠢ᠃ ᠭᠡᠷᠡᠯ ᠤᠨ | ᠨᠤᠭᠤᠷᠠᠯᠲᠠ ᠲᠡᠭᠰᠢ ᠪᠤᠰᠤ ᠮᠣᠯᠧᠺᠦ᠋ᠯ ᠯᠠᠶᠢᠰᠧᠷ ᠤᠨ ᠮᠡᠰᠡ ᠵᠠᠰᠠᠯ ᠬᠢᠭᠰᠡᠨ ᠤ ᠳᠠᠷᠠᠭ᠎ᠠ ᠬᠠᠭᠠᠰ ᠵᠢᠯ ᠠᠴᠠ ᠳᠡᠭᠡᠭᠰᠢ | ᠪᠣᠯᠵᠤ᠂ ᠨᠢᠳᠦ ᠦᠭᠡᠢ ᠬᠠᠷᠠᠭ᠎ᠠ 4.8 ᠳᠤ ᠬᠦᠷᠴᠦ᠂ ᠳᠠᠪᠬᠤᠴᠠᠭᠰᠠᠨ ᠡᠪᠡᠳᠴᠢᠨ ᠦᠭᠡᠢ᠂ ᠨᠢᠳᠦᠨ ᠤ | ᠢᠷᠣᠭᠠᠷ ᠤᠨ ᠪᠠᠶᠢᠴᠠᠭᠠᠯᠲᠠ ᠬᠡᠪ ᠤᠨ ᠪᠠᠶᠢᠳᠠᠯ ᠳᠤ ᠣᠷᠣᠰᠢᠨ᠎ᠠ᠃ | ᠪᠡᠶ᠎ᠡ ᠪᠠᠨ ᠰᠢᠪᠡᠬᠦ᠄ ᠨᠢᠭᠤᠷ ᠤᠨ ᠬᠦᠵᠦᠭᠦᠦ ᠶᠢᠨ ᠪᠡᠶ᠎ᠡ ᠪᠠᠨ ᠰᠢᠪᠡᠭᠰᠡᠨ᠂ ᠴᠡᠷᠢᠭ ᠤᠨ ᠳᠦᠷᠢᠮᠲᠦ ᠪᠡᠶ᠎ᠡ ᠶᠢᠨ | ᠴᠢᠳᠠᠪᠤᠷᠢ ᠶᠢᠨ ᠪᠤᠯᠪᠠᠰᠤᠷᠠᠭᠤᠯᠤᠯ ᠤᠨ ᠬᠤᠪᠴᠠᠰᠤ ᠶᠢᠨ ᠪᠤᠰᠤᠳ ᠨᠢᠴᠦᠭᠦᠨ ᠬᠡᠰᠡᠭ ᠤᠨ ᠤᠷᠳᠦ ᠨᠢ 3CM | ᠠᠴᠠ ᠬᠡᠲᠦᠷᠡᠵᠦ᠂ ᠪᠤᠰᠤᠳ ᠬᠡᠰᠡᠭ ᠤᠨ ᠤᠷᠳᠦ ᠨᠢ 10CM ᠠᠴᠠ ᠬᠡᠲᠦᠷᠡᠵᠦ᠂ ᠡᠷᠡᠭᠲᠡᠢ ᠬᠥᠮᠥᠨ ᠬᠥᠮᠥᠰᠬᠡ᠂ | ᠨᠢᠳᠦᠨ ᠵᠢᠷᠤᠭᠠᠰᠤ ᠪᠠ ᠤᠷᠤᠭᠤᠯ ᠪᠠᠨ ᠰᠢᠪᠡᠭᠰᠡᠨ᠂ ᠡᠮᠡᠭᠲᠡᠢ ᠬᠥᠮᠥᠨ ᠤ ᠤᠷᠤᠭᠤᠯ ᠪᠠᠨ ᠰᠢᠪᠡᠭᠰᠡᠨ ᠪᠠᠶᠢᠪᠠᠯ | ᠬᠢᠷᠢ ᠲᠡᠩᠴᠡᠬᠦ ᠦᠭᠡᠢ᠃ | ᠰᠣᠷᠪᠢ᠄ ᠰᠣᠷᠪᠢ ᠶᠢᠨ ᠮᠠᠬᠠᠪᠤᠳ᠂ ᠨᠢᠭᠤᠷ ᠤᠨ ᠬᠦᠵᠦᠭᠦᠦ ᠶᠢᠨ ᠬᠡᠰᠡᠭ ᠤᠨ ᠤᠷᠲᠤ ᠨᠢ 3CM ᠠᠴᠠ | ᠬᠡᠲᠦᠷᠡᠵᠦ᠂ ᠠᠵᠢᠯᠯᠠᠭ᠎ᠠ ᠶᠢ ᠨᠥᠯᠥᠭᠡᠯᠡᠭᠰᠡᠨ ᠰᠣᠷᠪᠢ ᠲᠠᠢ ᠪᠤᠯ ᠬᠢᠷᠢ ᠲᠡᠩᠴᠡᠬᠦ ᠦᠭᠡᠢ᠃ | ᠪᠣᠳᠠᠲᠠᠢ ᠠᠭᠤᠯᠭ᠎ᠠ ᠨᠢ ᠹᠧᠩᠵᠧᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ ᠪᠥᠬᠦ | ᠤᠯᠤᠰ ᠤᠨ ᠴᠡᠷᠢᠭ ᠡᠯᠰᠡᠬᠦ ᠰᠦᠯᠵᠢᠶ᠎ᠡ ︵http://www.gfbzb.gov.cn︶ ᠳᠤ ᠭᠠᠷᠬᠤ ᠪᠤᠶᠤ ︽ | ᠥᠪᠥᠷ ᠮᠣᠩᠭᠤᠯ ᠤᠨ ᠴᠡᠷᠢᠭ ᠡᠯᠰᠡᠬᠦ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠬᠠᠮᠢᠶ᠎ᠠ ᠪᠦᠬᠦᠢ | ᠣᠶᠢᠯᠠᠭᠠᠯᠲᠠ ᠶᠢ ᠠᠩᠬᠠᠷᠤᠭᠠᠷᠠᠢ᠃ | ᠭᠤᠷᠪᠠ᠂ ᠦᠵᠡᠭᠦᠯᠬᠦ ᠬᠠᠷᠠᠭᠠᠯᠵᠠᠯ | ᠥᠨᠳᠥᠷ ᠰᠤᠷᠤᠯᠭ᠎ᠠ ᠶᠢᠨ ᠨᠠᠮᠲᠠᠷ ᠲᠠᠢ ᠴᠡᠷᠢᠭ ᠲᠤ ᠡᠯᠰᠡᠭᠳᠡᠬᠦ ᠵᠠᠯᠠᠭᠤᠴᠤᠳ ᠴᠡᠷᠢᠭ ᠲᠤ ᠣᠷᠣᠬᠤ ᠳᠤ | ᠤᠷᠢᠳ ᠢᠶᠠᠷ ᠨᠡᠷ᠎ᠡ ᠮᠡᠳᠡᠭᠦᠯᠵᠦ ᠴᠡᠷᠢᠭ ᠲᠤ ᠡᠯᠰᠡᠭᠳᠡᠬᠦ᠂ ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠪᠠ ᠤᠯᠤᠰ | ᠲᠦᠷᠦ ᠶᠢᠨ ᠰᠢᠯᠭᠠᠯᠲᠠ ᠶᠢ ᠤᠷᠢᠳ ᠢᠶᠠᠷ ᠬᠢᠨᠠᠨ ᠵᠥᠪᠰᠢᠶᠡᠷᠡᠵᠦ ᠴᠡᠷᠢᠭ ᠲᠤ ᠣᠷᠣᠬᠤ᠂ ᠤᠷᠢᠳ ᠢᠶᠠᠷ | ᠬᠤᠪᠢᠶᠠᠷᠢᠯᠠᠬᠤ ︽ᠳᠥᠷᠪᠡ ᠶᠢ ᠤᠷᠢᠳ ᠢᠶᠠᠷ ᠪᠣᠳᠣᠯᠬᠢᠯᠠᠬᠤ︾ ᠲᠦᠷᠦ ᠶᠢᠨ ᠪᠣᠳᠣᠯᠭ᠎ᠠ ᠶᠢ ᠡᠳ᠋ᠯᠡᠨ᠎ᠡ᠃ | ︵ᠨᠢᠭᠡ︶ ᠠᠯᠪᠠ ᠬᠠᠭᠠᠭᠰᠠᠨ ᠤ ᠲᠡᠷᠠᠭ᠎ᠠ ᠡᠳ᠋ᠯᠡᠬᠦ ᠠᠵᠤ ᠠᠬᠤᠢ ᠶᠢᠨ ᠬᠠᠷᠠᠭᠠᠯᠵᠠᠯ | 1. ᠴᠡᠷᠢᠭ ᠠᠩᠭᠢ ᠠᠴᠠ ᠲᠠᠷᠬᠠᠭᠠᠬᠤ᠄ | ① ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠴᠡᠷᠢᠭ ᠤᠨ ᠨᠥᠬᠦᠪᠦᠷᠢ ᠮᠥᠩᠭᠦ 2 ᠵᠢᠯ ᠳᠤ ᠪᠠᠷᠤᠭ 2. | 8 ᠲᠦᠮᠡᠨ ᠲᠥᠭᠦᠷᠢᠭ᠃ | ② ᠴᠡᠷᠢᠭ ᠤᠨ ᠠᠯᠪᠠᠨ ᠠᠴᠠ ᠪᠠᠭᠤᠬᠤ ᠦᠶ᠎ᠡ ᠳᠤ ᠨᠢᠭᠡ ᠯᠡ ᠤᠳᠠᠭ᠎ᠠ ᠶᠢᠨ ᠴᠢᠨᠠᠷᠲᠠᠢ ᠴᠡᠷᠢᠭ ᠤᠨ | ᠠᠯᠪᠠᠨ ᠠᠴᠠ ᠪᠠᠭᠤᠭᠰᠠᠨ ᠮᠥᠩᠭᠦ ᠶᠢ ᠴᠡᠷᠢᠭ ᠤᠨ ᠠᠯᠪᠠᠨ ᠤ ᠵᠢᠯ ᠬᠤᠭᠤᠴᠠᠭ᠎ᠠ ᠪᠠᠷ ᠪᠤᠳᠤᠵᠤ ᠥᠭᠭᠦᠨ᠎ᠡ᠂ ᠨᠢᠭᠡ | ᠵᠢᠯ ᠳᠤ 4500 ᠲᠥᠭᠦᠷᠢᠭ ᠤᠨ ᠠᠯᠪᠠ ᠬᠠᠭᠠᠵᠤ᠂ ᠨᠢᠭᠡᠳᠦᠭᠡᠷ ᠳᠡᠰ ᠤᠨ ᠭᠠᠪᠢᠶ᠎ᠠ ᠠᠴᠠ ᠳᠡᠭᠡᠭᠰᠢ᠂ ᠬᠤᠶᠠᠳᠤᠭᠠᠷ | ᠳᠡᠰ ᠤᠨ ᠭᠠᠪᠢᠶ᠎ᠠ᠂ ᠭᠤᠷᠪᠠᠳᠤᠭᠠᠷ ᠳᠡᠰ ᠤᠨ ᠭᠠᠪᠢᠶ᠎ᠠ ᠶᠢ ᠣᠯᠣᠭᠰᠠᠨ ᠪᠠᠶᠢᠪᠠᠯ ᠲᠤᠰ ᠲᠤᠰ 15%᠂ 10%᠂ | 5% ᠪᠠᠷ ᠨᠡᠮᠡᠵᠦ ᠥᠭᠭᠦᠨ᠎ᠡ᠃ | ③ ᠴᠡᠷᠢᠭ ᠤᠨ ᠠᠯᠪᠠᠨ ᠠᠴᠠ ᠪᠠᠭᠤᠬᠤ ᠦᠶ᠎ᠡ ᠳᠤ ᠴᠡᠷᠢᠭ ᠤᠨ ᠠᠯᠪᠠ ᠬᠠᠭᠠᠬᠤ ᠠᠵᠢᠯ ᠤᠨ ᠣᠨ ᠤ | ᠮᠥᠩᠭᠦ ᠶᠢ ᠬᠤᠶᠠᠷ ᠵᠢᠯ ᠳᠤ ᠪᠠᠷᠤᠭ 1.6 ᠲᠦᠮᠡᠨ ᠲᠥᠭᠦᠷᠢᠭ ᠥᠭᠭᠦᠨ᠎ᠡ᠃ | ᠴᠡᠷᠢᠭ ᠲᠤ 2 ᠵᠢᠯ ᠠᠯᠪᠠ ᠬᠠᠭᠠᠭᠠᠳ ᠴᠡᠷᠢᠭ ᠠᠩᠭᠢ ᠨᠡᠶᠢᠲᠡ 5.3 ᠲᠦᠮᠡᠨ ᠲᠥᠭᠦᠷᠢᠭ ᠲᠠᠷᠬᠠᠭᠠᠨ᠎ᠠ᠃ | 2. ᠣᠷᠣᠨ ᠨᠤᠲᠤᠭ ᠠᠴᠠ ᠲᠠᠷᠬᠠᠭᠠᠬᠤ᠄ | ① ᠠᠯᠪᠠᠨ ᠵᠢᠷᠤᠮ ᠤᠨ ᠴᠡᠷᠢᠭ ᠤᠨ ᠬᠠᠷᠠᠭᠠᠯᠵᠠᠯ ᠤᠨ ᠮᠥᠩᠭᠦ ᠶᠢ ᠵᠢᠯ ᠪᠦᠷᠢ ᠲᠤᠬᠠᠢ ᠶᠢᠨ ᠭᠠᠵᠠᠷ ᠤᠨ | ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢᠨ 1. 5 | ᠲᠠᠬᠢᠨ ᠠᠴᠠ ᠳᠣᠣᠷ᠎ᠠ ᠦᠭᠡᠢ ᠪᠠᠷ ᠥᠭᠴᠦ᠂ 2023 ᠣᠨ ᠤ ᠹᠧᠩᠵᠧᠨ ᠬᠤᠲᠠ ᠶᠢᠨ 2 ᠵᠢᠯ ᠳᠤ ᠳᠤᠮᠳᠠᠴᠢ ᠪᠠᠷ | 5.4 ᠲᠦᠮᠡᠨ ᠲᠥᠭᠦᠷᠢᠭ ᠣᠯᠭᠤᠨ᠎ᠠ᠃ ᠲᠥᠪᠡᠳ᠂ ᠰᠢᠨᠵᠢᠶᠠᠩ ᠵᠡᠷᠭᠡ ᠥᠨᠳᠦᠷᠯᠢᠭ ᠤᠨ ᠪᠡᠷᠬᠡ ᠬᠠᠲᠠᠭᠤᠵᠢᠯᠲᠠᠢ | ᠭᠠᠵᠠᠷ ᠣᠷᠣᠨ ᠳᠤ ᠣᠴᠢᠵᠤ ᠠᠯᠪᠠ ᠬᠠᠭᠠᠬᠤ ᠳᠤ ᠲᠤᠬᠠᠢ ᠶᠢᠨ ᠭᠠᠵᠠᠷ ᠤᠨ ᠠᠯᠪᠠᠨ ᠵᠢᠷᠤᠮ ᠤᠨ ᠴᠡᠷᠢᠭ ᠤᠨ | ᠬᠠᠷᠠᠭᠠᠯᠵᠠᠯ ᠤᠨ ᠮᠥᠩᠭᠦ ᠶᠢᠨ 3 ᠲᠠᠬᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠨᠢᠭᠡᠳᠦᠭᠡᠷ ᠳᠡᠰ ᠤᠨ | ᠭᠠᠪᠢᠶ᠎ᠠ ᠠᠴᠠ ᠳᠡᠭᠡᠭᠰᠢ᠂ ᠬᠤᠶᠠᠳᠤᠭᠠᠷ ᠳᠡᠰ ᠤᠨ ᠭᠠᠪᠢᠶ᠎ᠠ᠂ ᠭᠤᠷᠪᠠᠳᠤᠭᠠᠷ ᠳᠡᠰ ᠤᠨ ᠭᠠᠪᠢᠶ᠎ᠠ ᠶᠢ ᠣᠯᠣᠭᠰᠠᠨ | ᠪᠠᠶᠢᠪᠠᠯ ᠲᠤᠰ ᠲᠤᠰ 50%᠂ 30%᠂ 15% ᠪᠠᠷ ᠨᠡᠮᠡᠵᠦ ᠣᠯᠭᠤᠨ᠎ᠠ᠃ | ② ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠥᠬᠦᠪᠦᠷᠢ ᠮᠥᠩᠭᠦ᠂ ᠹᠧᠩᠵᠧᠨ ᠬᠤᠲᠠ 2 | ᠵᠢᠯ ᠳᠤ 7.14 ᠲᠦᠮᠡᠨ ᠲᠥᠭᠦᠷᠢᠭ᠂ ᠢᠷᠠᠭᠤ ᠠᠯᠳᠠᠷ ᠤᠨ ᠴᠣᠯᠠ ᠣᠯᠣᠭᠰᠠᠨ ᠪᠤᠶᠤ ᠭᠠᠪᠢᠶ᠎ᠠ | ᠪᠠᠶᠢᠭᠤᠯᠤᠭᠰᠠᠳ ᠲᠤ ᠴᠡᠷᠢᠭ ᠠᠩᠭᠢ ᠶᠢᠨ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢᠨ ᠨᠡᠮᠡᠵᠦ ᠣᠯᠭᠤᠬᠤ | ᠬᠠᠷᠢᠴᠠᠯ ᠢᠶᠠᠷ ᠨᠡᠮᠡᠵᠦ ᠥᠭᠭᠦᠨ᠎ᠡ᠃ ︵ᠵᠠᠰᠠᠭ ᠤᠨ ᠣᠷᠳᠣᠨ ᠠᠴᠠ ᠲᠥᠪᠬᠢᠨᠡᠭᠦᠯᠬᠦ ᠠᠵᠢᠯ ᠳᠤ ᠨᠡᠶᠢᠴᠡᠪᠡᠯ᠂ | ᠴᠡᠷᠢᠭ ᠠᠴᠠ ᠬᠠᠯᠠᠭᠳᠠᠭᠰᠠᠳ ᠤᠨ ᠲᠤᠰᠠᠯᠠᠮᠵᠢ ᠶᠢᠨ ᠮᠥᠩᠭᠦ ᠶᠢ ᠳᠠᠭᠢᠵᠤ ᠭᠥᠷᠳᠡᠬᠦ ᠦᠭᠡᠢ︶ | ③ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠬᠠᠰᠤᠵᠤ | ᠬᠡᠯᠲᠦᠷᠢᠭᠦᠯᠦᠨ᠎ᠡ᠂ ᠪᠠᠷᠢᠮᠵᠢᠶ᠎ᠠ ᠨᠢ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠬᠥᠮᠥᠨ | ᠪᠦᠷᠢ ᠵᠢᠯ ᠳᠤ 8000 ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠠᠰᠫᠢᠷᠠᠨᠲ ᠤᠨ ᠰᠤᠳᠤᠯᠬᠤ ᠰᠤᠷᠤᠭᠴᠢ | ᠬᠥᠮᠥᠨ ᠪᠦᠷᠢ ᠵᠢᠯ ᠳᠤ 16000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ④ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠪᠤᠶᠤ ᠣᠷᠣᠯᠠᠨ ᠲᠥᠯᠥᠨ᠎ᠡ᠂ ᠪᠠᠷᠢᠮᠵᠢᠶ᠎ᠠ ᠨᠢ ᠵᠢᠩᠬᠢᠨᠢ | ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠬᠥᠮᠥᠨ ᠪᠦᠷᠢ ᠵᠢᠯ ᠳᠤ 8000 ᠲᠥᠭᠦᠷᠢᠭ ᠠᠴᠠ | ᠬᠡᠲᠦᠷᠡᠵᠦ ᠪᠣᠯᠬᠤ ᠦᠭᠡᠢ᠂ ᠰᠤᠳᠤᠯᠬᠤ ᠰᠤᠷᠤᠭᠴᠢ ᠬᠥᠮᠥᠨ ᠪᠦᠷᠢ ᠵᠢᠯ ᠳᠤ 16000 ᠲᠥᠭᠦᠷᠢᠭ ᠠᠴᠠ | ᠬᠡᠲᠦᠷᠡᠵᠦ ᠪᠣᠯᠬᠤ ᠦᠭᠡᠢ᠃ | ᠲᠠᠪᠤ᠂ ᠶᠡᠭᠡ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠬᠤ ᠳᠤ ᠨᠢᠭᠡ ᠯᠡ ᠤᠳᠠᠭ᠎ᠠ ᠶᠢᠨ ᠴᠢᠨᠠᠷᠲᠠᠢ | 2022 ᠣᠨ ᠠᠴᠠ ᠡᠬᠢᠯᠡᠨ᠂ ᠵᠢᠯ ᠪᠦᠷᠢ ᠮᠠᠨ ᠤ ᠬᠤᠲᠠ ᠠᠴᠠ ᠴᠡᠷᠢᠭ ᠲᠤ ᠡᠯᠰᠡᠭᠳᠡᠨ ᠠᠯᠪᠠᠨ ᠵᠢᠷᠤᠮ ᠤᠨ | ᠴᠡᠷᠢᠭ ᠤᠨ ᠠᠯᠪᠠ ᠬᠠᠭᠠᠵᠤ ᠪᠠᠶᠢᠭ᠎ᠠ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠣᠷᠣᠭᠴᠢ ︵ᠳᠡᠭᠡᠷ᠎ᠡ ᠬᠠᠭᠠᠰ ᠵᠢᠯ ᠳᠤ ᠴᠡᠷᠢᠭ ᠲᠤ ᠣᠷᠣᠭᠰᠠᠨ ᠪᠥᠭᠡᠳ ᠴᠡᠷᠢᠭ ᠲᠤ ᠣᠷᠣᠭᠰᠠᠨ | ᠲᠤᠬᠠᠢ ᠶᠢᠨ ᠵᠢᠯ ᠳᠡᠭᠡᠨ ᠲᠡᠭᠦᠰᠦᠭᠰᠡᠨ ᠦᠨᠡᠮᠯᠡᠯ ᠣᠯᠣᠭᠰᠠᠨ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶ | ᠪᠣᠯᠣᠨ ᠰᠤᠳᠤᠯᠬᠤ ᠰᠣᠷᠣᠭᠴᠢ ︵ᠰᠤᠷᠭᠠᠭᠤᠯᠢ ᠳᠤ ᠪᠠᠶᠢᠭ᠎ᠠ ᠰᠣᠷᠣᠭᠴᠢ ᠪᠠ ᠲᠡᠭᠦᠰᠦᠭᠰᠡᠨ ᠰᠣᠷᠣᠭᠴᠢ ᠪᠠᠭᠲᠠᠨ᠎ᠠ︶ | ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ ᠣᠯᠭᠤᠵᠤ᠂ ᠪᠠᠷᠢᠮᠵᠢᠶ᠎ᠠ ᠨᠢ ᠬᠥᠮᠥᠨ ᠪᠦᠷᠢ ᠳᠤ | 20000 ᠲᠥᠭᠦᠷᠢᠭ ᠪᠣᠯᠣᠨ᠎ᠠ᠃ | ︵ᠬᠤᠶᠠᠷ︶ ᠠᠯᠪᠠ ᠬᠠᠭᠠᠬᠤ ᠬᠤᠭᠤᠴᠠᠭᠠᠨ ᠳᠠᠬᠢ ᠬᠤᠪᠢ ᠬᠥᠮᠥᠨ ᠤ ᠬᠥᠭᠵᠢᠯᠲᠡ ᠶᠢᠨ ᠠᠷᠭ᠎ᠠ ᠵᠠᠮ | 1. ᠴᠡᠷᠢᠭ ᠠᠩᠭᠢ ᠶᠢᠨ ᠮᠠᠰᠢᠨ ᠲᠡᠷᠭᠡ ᠵᠢᠯᠤᠭᠤᠳᠬᠤ᠂ ᠲᠡᠷᠭᠡ ᠬᠥᠰᠬᠡ ᠰᠡᠯᠪᠢᠨ ᠵᠠᠰᠠᠬᠤ᠂ ᠠᠷᠢᠭᠤᠨ ᠴᠡᠪᠡᠷ᠂ | ᠬᠤᠭᠤᠯᠠ ᠬᠢᠬᠦ᠂ ᠮᠡᠳᠡᠭᠡ ᠬᠤᠯᠪᠣᠭ᠎ᠠ ᠠᠪᠬᠤ ᠵᠡᠷᠭᠡ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ | ᠪᠤᠯᠪᠠᠰᠤᠷᠠᠭᠤᠯᠤᠯ ᠢ ᠡᠷᠬᠢᠯᠡᠬᠦ ᠳᠤ ᠣᠷᠣᠯᠴᠠᠵᠤ ᠪᠣᠯᠣᠨ᠎ᠠ᠃ | 2. ᠠᠯᠪᠠ ᠬᠠᠭᠠᠭᠠᠳ ᠪᠦᠬᠦᠯᠢ ᠨᠢᠭᠡ ᠵᠢᠯ ᠬᠠᠭᠠᠰ ᠠᠴᠠ ᠳᠡᠭᠡᠭᠰᠢ ᠪᠣᠯᠤᠭᠰᠠᠨ ︵ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠲᠡᠭᠦᠰᠦᠭᠰᠡᠳ᠂ ᠳᠡᠭᠡᠳᠦ ᠰᠤᠷᠭᠠᠭᠤᠯᠢ ᠶᠢᠨ ᠰᠢᠨ᠎ᠡ ᠰᠣᠷᠣᠭᠴᠢ᠂ ᠳᠡᠭᠡᠳᠦ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ︶ ᠴᠡᠷᠢᠭ ᠤᠨ ᠳᠡᠭᠡᠳᠦ ᠰᠤᠷᠭᠠᠭᠤᠯᠢ ︵ᠣᠹᠢᠼᠧᠷ᠂ | ᠪᠠᠭ᠎ᠠ ᠣᠹᠢᠼᠧᠷ︶ ᠳᠤ ᠨᠡᠷ᠎ᠡ ᠮᠡᠳᠡᠭᠦᠯᠵᠦ ᠪᠣᠯᠣᠨ᠎ᠠ᠃ | 3. ᠴᠡᠷᠢᠭ ᠤᠨ ᠠᠯᠪᠠ ᠬᠠᠭᠠᠭᠠᠳ ᠪᠦᠬᠦᠯᠢ 2 ᠵᠢᠯ ᠪᠣᠯᠤᠭᠰᠠᠨ ᠰᠢᠯᠢᠳᠡᠭ ᠪᠠᠶᠢᠯᠳᠤᠭᠴᠢ ᠶᠢ ᠰᠢᠭᠤᠳ ᠪᠠᠭ᠎ᠠ | ᠣᠹᠢᠼᠧᠷ ᠢᠶᠠᠷ ᠰᠣᠩᠭᠤᠵᠤ ᠪᠣᠯᠬᠤ ᠪᠥᠭᠡᠳ ᠬᠤᠯᠪᠣᠭᠳᠠᠯ ᠪᠦᠬᠦᠢ ᠬᠠᠷᠠᠭᠠᠯᠵᠠᠯ ᠢ ᠬᠦᠷᠲᠡᠵᠦ ᠪᠣᠯᠣᠨ᠎ᠠ᠃ | ᠣᠳᠣᠬᠠᠨ ᠳᠤ᠂ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠪᠠᠭ᠎ᠠ | ᠣᠹᠢᠼᠧᠷ ᠤᠨ ᠰᠠᠷ᠎ᠠ ᠶᠢᠨ ᠳᠤᠮᠳᠠᠴᠢ ᠴᠠᠯᠢᠩ ᠢ ᠲᠣᠰ ᠲᠣᠰ 5500 ᠲᠥᠭᠦᠷᠢᠭ᠂ 7000 ᠲᠥᠭᠦᠷᠢᠭ᠂ | 9000 ᠲᠥᠭᠦᠷᠢᠭ ᠣᠷᠴᠢᠮ ᠣᠯᠵᠤ ᠪᠣᠯᠣᠨ᠎ᠠ᠃ | 4. ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ | ᠪᠠᠶᠢᠯᠳᠤᠭᠴᠢ ᠶᠢ ᠰᠢᠯᠢᠳᠡᠭ ᠪᠠᠶᠢᠯᠳᠤᠭᠴᠢ ᠶᠢᠨ ᠪᠠᠲᠤᠯᠠᠨ ᠬᠦᠷᠭᠡᠵᠦ ᠰᠤᠷᠭᠠᠭᠤᠯᠢ ᠳᠤ ᠣᠷᠣᠭᠤᠯᠬᠤ ᠡᠲᠡᠭᠡᠳ ᠢᠶᠠᠷ | ᠰᠣᠩᠭᠤᠨ ᠳᠡᠪᠰᠢᠭᠦᠯᠬᠦ ᠪᠤᠶᠤ ᠴᠡᠷᠢᠭ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ | ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠭᠤᠯᠬᠤ ᠪᠠᠷ ᠳᠡᠮᠵᠢᠨ ᠣᠹᠢᠼᠧᠷ ᠪᠣᠯᠭᠠᠨ ᠳᠡᠪᠰᠢᠭᠦᠯᠵᠦ ᠪᠣᠯᠣᠨ᠎ᠠ᠃ | 5. ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠠᠴᠠ ᠳᠡᠭᠡᠭᠰᠢᠬᠢ ᠲᠡᠭᠦᠰᠦᠭᠰᠡᠨ ᠰᠤᠷᠦᠬᠴᠢ | ᠪᠠᠶᠢᠯᠳᠤᠭᠴᠢ ᠶᠢᠨ ᠰᠢᠯᠢᠳᠡᠭ ᠢ ᠨᠢ ᠰᠣᠩᠭᠤᠵᠤ ᠣᠹᠢᠼᠧᠷ ᠢᠶᠠᠷ ᠰᠢᠭᠤᠳ ᠰᠢᠯᠢᠨ ᠰᠣᠩᠭᠤᠵᠤ ᠪᠣᠯᠣᠨ᠎ᠠ᠃ | ︵ᠭᠤᠷᠪᠠ︶ ᠴᠡᠷᠢᠭ ᠤᠨ ᠠᠯᠪᠠᠨ ᠠᠴᠠ ᠪᠠᠭᠤᠭᠰᠠᠨ ᠤ ᠲᠠᠷᠠᠭ᠎ᠠ ᠬᠥᠷᠳᠡᠬᠦ ᠬᠠᠷᠠᠭᠠᠯᠵᠠᠯ ᠤᠨ ᠣᠯᠭᠤᠮᠵᠢ | 1. ᠵᠢᠩᠬᠢᠨᠢ ᠠᠯᠪᠠ ᠬᠠᠭᠠᠭᠠᠳ ᠪᠦᠬᠦᠯᠢ 12 ᠵᠢᠯ ᠪᠣᠯᠤᠭᠰᠠᠨ ᠪᠠᠭ᠎ᠠ ᠣᠹᠢᠼᠧᠷ᠂ ᠵᠢᠩᠬᠢᠨᠢ ᠠᠯᠪᠠ | ᠬᠠᠭᠠᠭᠰᠠᠨ ᠬᠤᠭᠤᠴᠠᠭᠠᠨ ᠳᠠᠭᠠᠨ ᠬᠤᠶᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠭᠥᠷᠳᠡᠭᠰᠡᠨ ᠪᠤᠶᠤ | ᠲᠡᠶᠢᠨ ᠤ ᠦᠶ᠎ᠡ ᠳᠤ ᠭᠤᠷᠪᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠭᠥᠷᠳᠡᠭᠰᠡᠨ ᠪᠠᠶᠢᠯᠳᠤᠭᠴᠢ᠂ | ᠲᠡᠶᠢᠨ ᠠᠴᠠ ᠪᠣᠯᠵᠤ ᠵᠡᠮᠳᠡᠭᠷᠡᠭᠡᠳ 5 ︱ 8 ᠳ᠋ᠤᠭᠠᠷ ᠳᠡᠰ ᠤᠨ ᠵᠡᠮᠳᠡᠭ ᠤᠨ ᠲᠠᠰ ᠢᠶᠠᠷ ᠲᠣᠭᠲᠠᠭᠠᠭᠳᠠᠭᠰᠠᠨ | ᠪᠠᠶᠢᠯᠳᠤᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠪᠠᠶᠢᠯᠳᠤᠭᠴᠢ ᠳᠤ ᠠᠵᠢᠯ ᠲᠣᠬᠢᠷᠠᠭᠤᠯᠤᠨ᠎ᠠ᠃ | 2. ᠥᠪᠡᠷᠲᠡᠭᠡᠨ ᠵᠠᠰᠠᠬᠤ ᠣᠷᠣᠨ ᠵᠢᠯ ᠪᠦᠷᠢ ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ | ᠺᠠᠳ᠋ᠷ ᠴᠠᠭᠳᠠᠭ᠎ᠠ ᠶᠢᠨ ᠠᠵᠢᠯ ᠤᠨ ᠪᠠᠶᠢᠷᠢ ᠶᠢ ᠵᠣᠬᠢᠬᠤ ᠲᠤᠭ᠎ᠠ ᠬᠡᠮᠵᠢᠶ᠎ᠡ ᠪᠠᠷ ᠭᠠᠷᠭᠠᠵᠤ ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢᠳ ᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠬᠤᠪᠢ | ᠡᠵᠡᠮᠳᠡᠭᠰᠡᠨ ᠪᠤᠶᠤ ᠤᠯᠤᠰ ᠤᠨ ᠥᠮᠴᠢᠯᠡᠯᠲᠦ ᠬᠥᠷᠥᠩᠭᠡ ᠨᠢ ᠭᠤᠣᠯᠯᠠᠬᠤ ᠠᠵᠤ ᠠᠬᠤᠶᠢᠯᠠᠯ ᠤᠨ ᠰᠢᠨ᠎ᠡ ᠪᠠᠷ | ᠠᠵᠢᠯᠲᠠᠨ ᠠᠵᠢᠯᠴᠢᠨ ᠡᠯᠰᠡᠬᠦ ᠳᠤ 5% ᠶᠢᠨ ᠠᠵᠢᠯ ᠤᠨ ᠪᠠᠶᠢᠷᠢ ᠲᠣᠬᠢᠷᠠᠭᠤᠯᠵᠤ᠂ ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢ ᠶᠢ ᠰᠢᠯᠢᠳᠡᠭ ᠢ ᠨᠢ ᠰᠣᠩᠭᠤᠨ ᠡᠯᠰᠡᠨ᠎ᠡ᠃ | 3. ᠴᠡᠷᠢᠭ ᠠᠴᠠ ᠬᠠᠯᠠᠭᠳᠠᠭᠠᠳ 1 ᠵᠢᠯ ᠠᠴᠠ ᠳᠡᠭᠡᠭᠰᠢ ᠪᠦᠬᠦᠯᠢ ᠡᠳᠦᠷ ᠤᠨ ᠳᠦᠷᠢᠮᠲᠦ ᠳᠡᠭᠡᠳᠦ | ᠰᠤᠷᠭᠠᠭᠤᠯᠢ ᠳᠤ ᠰᠢᠯᠭᠠᠨ ᠣᠷᠣᠭᠰᠠᠨ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠨ | ᠥᠨᠳᠥᠷ ᠳᠤᠮᠳᠠᠳᠤ ᠶᠢᠨ ᠰᠣᠷᠣᠭᠴᠢ ᠪᠠᠶᠢᠯᠳᠤᠭᠴᠢᠳ ᠲᠤ ᠰᠤᠷᠤᠯᠭ᠎ᠠ ᠶᠢᠨ ᠰᠦᠢᠳᠬᠡᠯ ᠤᠨ ᠲᠤᠰᠠᠯᠠᠮᠵᠢ ᠣᠯᠭᠤᠵᠤ᠂ | ᠬᠠᠮᠤᠭ ᠥᠨᠳᠥᠷ ᠲᠡᠭᠡᠨ ᠵᠢᠯ ᠤᠨ ᠬᠥᠮᠥᠨ ᠳᠤᠮᠳᠠᠴᠢ ᠶᠢᠨ 8000 ᠲᠥᠭᠦᠷᠢᠭ ᠠᠴᠠ ᠳᠠᠪᠠᠭᠤᠯᠬᠤ ᠦᠭᠡᠢ᠃ | 4. ᠴᠡᠷᠢᠭ ᠤᠨ ᠠᠯᠪᠠ ᠬᠠᠭᠠᠬᠤ ᠠᠴᠠ ᠡᠮᠦᠨ᠎ᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠪᠠᠶᠢᠪᠠᠯ᠂ | ᠴᠡᠷᠢᠭ ᠠᠴᠠ ᠬᠠᠯᠠᠭᠳᠠᠭᠰᠠᠨ ᠤ ᠳᠠᠷᠠᠭ᠎ᠠ 2 ᠵᠢᠯ ᠤᠨ ᠳᠣᠲᠣᠷ᠎ᠠ ᠦᠷᠭᠦᠯᠵᠢᠯᠡᠨ ᠰᠤᠷᠤᠯᠭ᠎ᠠ ᠪᠠᠨ ᠰᠡᠷᠭᠦᠭᠡᠬᠦ ᠶᠢ | ᠰᠣᠩᠭᠤᠵᠤ᠂ ᠰᠤᠷᠤᠯᠭ᠎ᠠ ᠪᠠᠨ ᠰᠡᠷᠭᠦᠭᠡᠭᠰᠡᠨ ᠤ ᠳᠠᠷᠠᠭ᠎ᠠ ᠴᠡᠷᠢᠭ ᠤᠨ ᠶᠠᠪᠤᠳᠠᠯ ᠤᠨ ᠮᠡᠷᠭᠡᠵᠢᠯ ᠴᠢᠳᠠᠪᠤᠷᠢ ᠶᠢᠨ | ᠬᠢᠴᠢᠶᠡᠯ ᠰᠤᠷᠬᠤ ᠦᠭᠡᠢ ᠪᠠᠶᠢᠵᠤ᠂ ᠰᠢᠭᠤᠳ ᠰᠤᠷᠤᠯᠭ᠎ᠠ ᠶᠢᠨ ᠬᠤᠪᠢ ᠣᠯᠭᠤᠨ᠎ᠠ︔ ᠰᠤᠷᠭᠠᠭᠤᠯᠢ ᠪᠠᠷ | ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠭᠰᠡᠨ ᠤ ᠳᠠᠷᠠᠭ᠎ᠠ᠂ ᠲᠣᠰ | ᠰᠤᠷᠭᠠᠭᠤᠯᠢ ᠶᠢᠨ ᠢᠶᠠᠨ ᠪᠤᠰᠤᠳ ᠲᠤᠰᠬᠠᠢ ᠮᠡᠷᠭᠡᠵᠢᠯ ᠳᠤ ᠰᠢᠯᠵᠢᠨ ᠰᠤᠷᠤᠯᠴᠠᠵᠤ ᠪᠣᠯᠣᠨ᠎ᠠ᠃ | 5. ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︵ᠲᠤᠰᠬᠠᠢ ᠮᠡᠷᠭᠡᠵᠢᠯ ᠤᠨ ᠠᠩᠭᠢ︶ ᠤᠨ ᠰᠣᠷᠣᠭᠴᠢ ᠶᠢᠨ | ᠴᠡᠷᠢᠭ ᠲᠤ ᠣᠷᠣᠭᠰᠠᠨ ᠥᠩᠭᠡᠷᠡᠯᠲᠡ ᠶᠢ ᠲᠡᠭᠦᠰᠬᠦ ᠳᠠᠳᠤᠯᠭ᠎ᠠ ᠶᠢᠨ ᠥᠩᠭᠡᠷᠡᠯᠲᠡ ᠪᠣᠯᠭᠠᠵᠤ ᠪᠣᠯᠣᠨ᠎ᠠ︔ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ ᠤᠨ ᠠᠩᠭᠢ︶ ᠤᠨ ᠲᠡᠭᠦᠰᠦᠭᠰᠡᠳ ᠵᠢᠴᠢ ᠰᠤᠷᠭᠠᠭᠤᠯᠢ ᠳᠤ | ᠪᠠᠶᠢᠭ᠎ᠠ ᠰᠣᠷᠣᠭᠴᠢ ︵ᠰᠢᠨ᠎ᠡ ᠰᠣᠷᠣᠭᠴᠢ ᠪᠠᠭᠲᠠᠨ᠎ᠠ︶ ᠨᠢ ᠴᠡᠷᠢᠭ ᠲᠤ ᠡᠯᠰᠡᠭᠳᠡᠨ ᠣᠷᠣᠬᠤ᠂ ᠴᠡᠷᠢᠭ ᠠᠴᠠ | ᠬᠠᠯᠠᠭᠳᠠᠭᠰᠠᠨ ᠤ ᠳᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ ᠤᠨ ᠠᠩᠭᠢ︶ ᠤᠨ | ᠰᠤᠷᠤᠯᠭ᠎ᠠ ᠪᠠᠨ ᠳᠠᠭᠤᠰᠬᠠᠭᠰᠠᠨ ᠤᠷᠢᠲᠠᠯ ᠳᠣᠣᠷ᠎ᠠ᠂ ᠡᠩ ᠤᠨ ᠵᠢᠩᠬᠢᠨᠢ ᠠᠩᠭᠢ ᠳᠤ ᠰᠢᠯᠭᠠᠭᠤᠯᠬᠤ ᠦᠭᠡᠢ ᠪᠠᠷ | ᠣᠷᠣᠵᠤ ᠰᠤᠷᠤᠯᠴᠠᠬᠤ ᠪᠤᠶᠤ ᠬᠤᠪᠢ ᠬᠥᠮᠥᠨ ᠤ ᠬᠦᠰᠡᠯ ᠰᠠᠨᠠᠭ᠎ᠠ ᠪᠠᠨ ᠦᠨᠳᠦᠰᠦᠯᠡᠨ ᠨᠠᠰᠤᠨ ᠳᠤ | ᠭᠦᠷᠦᠭᠰᠡᠳ ᠤᠨ ᠵᠢᠩᠬᠢᠨᠢ ᠠᠩᠭᠢ ᠳᠤ ᠣᠷᠣᠵᠤ ᠰᠤᠷᠤᠯᠴᠠᠵᠤ ᠪᠣᠯᠣᠨ᠎ᠠ᠂ 2022 ᠣᠨ ᠳᠤ ᠲᠤᠰᠬᠠᠢ | ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠰᠣᠷᠣᠭᠴᠢ ᠡᠯᠰᠡᠬᠦ ᠠᠴᠠ ᠡᠬᠢᠯᠡᠵᠦ ᠬᠡᠷᠡᠭᠵᠢᠭᠦᠯᠦᠨ᠎ᠡ᠃ | 6. ᠤᠯᠤᠰ ᠤᠨ ᠵᠢᠯ ᠪᠦᠷᠢ ᠶᠢᠨ 8000 ᠬᠥᠮᠥᠨ ᠤ ᠳᠣᠲᠣᠷᠠᠬᠢ ︽ᠴᠡᠷᠢᠭ ᠠᠴᠠ ᠬᠠᠯᠠᠭᠳᠠᠭᠰᠠᠨ ᠣᠶᠤᠲᠠᠨ | ᠪᠠᠶᠢᠯᠳᠤᠭᠴᠢ︾ ᠶᠢᠨ ᠲᠤᠰᠬᠠᠢ ᠲᠥᠷᠥᠯ ᠤᠨ ᠠᠰᠫᠢᠷᠠᠨᠲ ᠡᠯᠰᠡᠬᠦ ᠲᠥᠯᠥᠪᠯᠡᠭᠡ ᠶᠢ ᠡᠳ᠋ᠯᠡᠨ᠎ᠡ︔ ᠵᠢᠩᠬᠢᠨᠢ | ᠠᠩᠭᠢ ᠶᠢᠨ ᠰᠤᠷᠤᠯᠭ᠎ᠠ ᠪᠠᠨ ᠲᠡᠭᠦᠰᠬᠡᠭᠡᠳ 3 ᠵᠢᠯ ᠤᠨ ᠳᠣᠲᠣᠷ᠎ᠠ ᠠᠰᠫᠢᠷᠠᠨᠲ ᠤᠨ ᠰᠢᠯᠭᠠᠯᠲᠠ ᠳᠤ ᠣᠷᠣᠯᠴᠠᠭᠰᠠᠨ | ᠠᠩᠬᠠᠨ ᠤ ᠰᠢᠯᠭᠠᠯᠲᠠ ᠶᠢᠨ ᠶᠡᠷᠦᠩᠬᠡᠢ ᠬᠤᠪᠢ ᠶᠢᠨ ᠳᠡᠭᠡᠷ᠎ᠡ 10 ᠬᠤᠪᠢ ᠨᠡᠮᠡᠵᠦ᠂ ᠠᠳᠠᠯᠢ ᠨᠥᠬᠦᠴᠡᠯ ᠢᠶᠠᠷ | ᠤᠷᠢᠳᠠᠪᠠᠷ ᠡᠯᠰᠡᠵᠦ᠂ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠵᠢᠴᠢ ᠲᠡᠭᠦᠨ ᠠᠴᠠ ᠳᠡᠭᠡᠭᠰᠢᠬᠢ | ᠰᠣᠷᠣᠭᠴᠢ ᠶᠢ ᠰᠢᠯᠭᠠᠬᠤ ᠦᠭᠡᠢ ᠪᠠᠷ ︵ᠠᠩᠬᠠᠨ ᠤ ᠰᠢᠯᠭᠠᠯᠲᠠ ᠶᠢ ᠵᠢᠭᠠᠵᠤ ᠪᠣᠶ︶ ᠠᠰᠫᠢᠷᠠᠨᠲ ᠤᠨ | ᠠᠰᠫᠢᠷᠠᠨᠲ ᠢᠶᠠᠷ ᠰᠢᠮᠳᠠᠨ ᠰᠤᠷᠤᠯᠴᠠᠭᠤᠯᠤᠨ᠎ᠠ᠃ | 7. ᠵᠠᠰᠠᠭ ᠤᠨ ᠣᠷᠳᠣᠨ ᠠᠴᠠ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠵᠣᠬᠢᠶᠠᠨ | ᠪᠠᠶᠢᠭᠤᠯᠤᠨ ᠰᠦᠢᠳᠬᠡᠯ ᠬᠤᠷᠢᠶᠠᠬᠤ ᠦᠭᠡᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠬᠢᠯᠭᠡᠵᠦ᠂ ᠬᠠᠮᠢᠶ᠎ᠠ ᠪᠦᠬᠦᠢ ᠰᠤᠷᠤᠯᠭ᠎ᠠ ᠶᠢᠨ ᠨᠠᠮᠲᠠᠷ ᠪᠣᠯᠣᠨ ᠬᠢᠷᠢ ᠬᠡᠮ ᠤᠨ | ᠦᠨᠡᠮᠯᠡᠯ ᠣᠯᠭᠤᠬᠤ ᠶᠢᠨ ᠬᠠᠮᠲᠤ ᠠᠵᠢᠯ ᠣᠯᠭᠤᠬᠤ ᠪᠠᠷ ᠲᠠᠨᠢᠯᠴᠠᠭᠤᠯᠤᠨ᠎ᠠ᠃ ᠪᠡᠶ᠎ᠡ ᠪᠠᠨ ᠳᠠᠭᠠᠭᠠᠵᠤ ᠠᠵᠢᠯ | ᠣᠯᠣᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠬᠤᠪᠢ ᠶᠢᠨ ᠡᠵᠡᠩᠨᠡᠯᠲᠡ ᠬᠢᠭᠰᠡᠨ ᠪᠠᠶᠢᠪᠠᠯ᠂ 3 | ᠵᠢᠯ ᠤᠨ ᠳᠣᠲᠣᠷ᠎ᠠ ᠭᠠᠶᠢᠯᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠠᠳᠠᠯ ᠦᠢᠯᠡᠰ | ᠴᠣᠭᠴᠠᠯᠠᠬᠤ ᠴᠢᠳᠠᠪᠤᠷᠢ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ 5 ᠲᠦᠮᠡᠨ | ᠲᠥᠭᠦᠷᠢᠭ ᠤᠨ ᠪᠠᠭ᠎ᠠ ᠲᠣᠭᠠᠨ ᠤ ᠳᠠᠭᠠᠭᠠᠯᠲᠠ ᠶᠢᠨ ᠵᠢᠭᠡᠯᠡᠯᠭᠡ ᠣᠯᠭᠤᠵᠤ᠂ ᠥᠴᠥᠬᠡᠨ ᠠᠰᠢᠭ ᠣᠯᠬᠤ ᠲᠥᠷᠥᠯ | ᠵᠦᠢᠯ ᠢ ᠡᠷᠭᠢᠯᠡᠨ ᠬᠢᠭᠰᠡᠳ ᠲᠤ ᠡᠳ᠋ ᠤᠨ ᠵᠠᠰᠠᠭ ᠤᠨ ᠳᠠᠮ ᠬᠦᠦ ᠣᠯᠭᠤᠨ᠎ᠠ᠃ | 8. ᠥᠪᠥᠷ ᠮᠣᠩᠭᠤᠯ ᠤᠨ ᠡᠷᠦᠬᠡ ᠠᠮᠠ ᠲᠠᠢ ᠪᠥᠭᠡᠳ ᠮᠠᠨ ᠤ ᠬᠤᠲᠠ ᠠᠴᠠ ᠴᠡᠷᠢᠭ ᠲᠤ ᠡᠯᠰᠡᠭᠳᠡᠭᠰᠡᠨ | ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ︵ᠳᠡᠭᠡᠷ᠎ᠡ ᠬᠠᠭᠠᠰ ᠵᠢᠯ ᠳᠤ | ᠴᠡᠷᠢᠭ ᠲᠤ ᠣᠷᠣᠭᠰᠠᠨ ᠪᠥᠭᠡᠳ ᠴᠡᠷᠢᠭ ᠲᠤ ᠣᠷᠣᠭᠰᠠᠨ ᠲᠤᠬᠠᠢ ᠶᠢᠨ ᠵᠢᠯ ᠳᠤ ᠰᠤᠷᠤᠯᠭ᠎ᠠ ᠲᠡᠭᠦᠰᠦᠭᠰᠡᠨ ᠦᠨᠡᠮᠯᠡᠯ | ᠣᠯᠣᠭᠰᠠᠨ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ | ᠠᠯᠪᠠᠲᠠᠨ ᠤ ᠰᠢᠯᠭᠠᠨ ᠡᠯᠰᠡᠬᠦ ᠪᠠ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠳᠤ ᠣᠷᠣᠯᠴᠠᠵᠤ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ | ᠵᠢᠷᠭᠤᠭᠠᠨ ᠵᠦᠢᠯ ᠤᠨ ᠲᠥᠯᠥᠪᠯᠡᠭᠡ ᠶᠢᠨ ᠠᠵᠢᠯᠲᠠᠨ ᠤ ᠠᠳᠠᠯᠢ ᠲᠡᠭᠰᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠨ᠎ᠡ᠃ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠳᠤ᠂ ᠬᠤᠰᠢᠭᠤ | ᠰᠢᠶᠠᠨ ᠵᠢᠴᠢ ᠲᠡᠭᠦᠨ ᠠᠴᠠ ᠳᠣᠷᠣᠭᠰᠢᠬᠢ ᠠᠵᠢᠯ ᠦᠢᠯᠡᠰ ᠤᠨ ᠨᠢᠭᠡᠴᠡ ᠶᠢᠨ ᠵᠢᠯ ᠪᠦᠷᠢ ᠡᠯᠰᠡᠬᠦ ᠶᠡᠷᠦᠩᠬᠡᠢ | ᠲᠣᠭᠠᠨ ᠤ 40% ᠠᠴᠠ ᠳᠣᠣᠷ᠎ᠠ ᠦᠭᠡᠢ᠂ ᠬᠤᠲᠠ ᠶᠢᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠵᠢᠯ ᠪᠦᠷᠢ | ᠡᠯᠰᠡᠬᠦ ᠶᠡᠷᠦᠩᠬᠡᠢ ᠲᠣᠭᠠᠨ ᠤ 20% ᠠᠴᠠ ᠳᠣᠣᠷ᠎ᠠ ᠦᠭᠡᠢ ᠠᠵᠢᠯ ᠤᠨ ᠪᠠᠶᠢᠷᠢ ᠲᠣᠬᠢᠷᠠᠭᠤᠯᠵᠤ᠂ | ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠳᠡᠭᠡᠳᠦ ᠰᠤᠷᠭᠠᠭᠤᠯᠢ | ᠲᠡᠭᠦᠰᠦᠭᠰᠡᠳ ︵ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ ᠠᠴᠠ ᠪᠠᠭᠤᠭᠰᠠᠨ ᠶᠡᠭᠡ ᠰᠤᠷᠭᠠᠭᠤᠯᠢ ᠲᠡᠭᠦᠰᠦᠭᠰᠡᠳ | ᠪᠠᠭᠲᠠᠨ᠎ᠠ︶ ᠢ ᠬᠠᠨᠳᠤᠯᠭ᠎ᠠ ᠲᠠᠢ ᠪᠠᠷ ᠡᠯᠰᠡᠨ᠎ᠡ᠃ | 9. ᠴᠡᠷᠢᠭ ᠤᠨ ᠠᠯᠪᠠ ᠠᠴᠠ ᠪᠠᠭᠤᠭᠰᠠᠨ ᠣᠶᠤᠲᠠᠨ ᠪᠠᠶᠢᠯᠳᠤᠭᠴᠢ ᠪᠥᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠢᠯᠡ ᠪᠠᠷ ᠤᠷᠢᠨ ᠬᠡᠷᠡᠭᠯᠡᠬᠦ ᠳᠤ | ᠣᠷᠣᠯᠴᠠᠬᠤ ᠳᠤ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠤᠷᠢᠨ ᠬᠡᠷᠡᠭᠯᠡᠨ᠎ᠡ᠃ | ᠹᠧᠩᠵᠧᠨ ᠬᠤᠲᠠ ᠶᠢᠨ ᠴᠡᠷᠢᠭ ᠡᠯᠰᠡᠬᠦ ᠠᠯᠪᠠᠨ ᠭᠡᠷ ᠤᠨ ᠬᠠᠷᠢᠯᠴᠠᠬᠤ ᠤᠲᠠᠰᠤ᠄ 0474 ︱ | 3265694᠃ | | ᠹᠧᠩᠵᠧᠨ ᠬᠤᠲᠠ ᠶᠢᠨ ᠴᠡᠷᠢᠭ ᠡᠯᠰᠡᠬᠦ ᠠᠯᠪᠠᠨ ᠭᠡᠷ | 2024 ᠣᠨ ᠤ 12 ᠰᠠᠷ᠎ᠠ ᠶᠢᠨ 3 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |