| ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ | ᠡᠯᠰᠡᠬᠦ ᠠᠵᠢᠯ ᠤᠨ ᠳᠦᠷᠢᠮ︾ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠤᠯᠢ | ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ᠤᠨ ᠲᠣᠭᠲᠠᠭᠠᠯ ᠢ | ᠦᠨᠳᠦᠰᠦᠯᠡᠨ᠂ ᠡᠳᠦᠭᠡ 2025 ᠣᠨ ᠤ ᠴᠡᠷᠢᠭ ᠤᠨ ᠠᠯᠪᠠᠨ ᠤ ᠳᠠᠩᠰᠠᠯᠠᠯᠲᠠ ᠶᠢᠨ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠪᠦᠷᠢᠳᠬᠡᠭᠦᠯᠬᠦ ᠡᠲᠡᠭᠡᠳ᠃ ᠮᠠᠨ ᠤ ᠬᠤᠲᠠ ᠶᠢᠨ ᠡᠷᠦᠬᠡ ᠠᠮᠠ ᠶᠢᠨ ᠲᠠᠩᠰᠠ᠂ 2025 ᠣᠨ ᠤ | 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 ᠨᠠᠰᠤ ᠬᠦᠷᠦᠭᠰᠡᠨ ᠡᠷᠡᠭᠲᠡᠢ ᠠᠷᠠᠳ ᠢᠷᠭᠡᠨ ︵ | 2007 ᠣᠨ ᠤ 1 ᠰᠠᠷ᠎ᠠ ᠶᠢᠨ 1 ᠤ ᠡᠳᠦᠷ ᠠᠴᠠ 2007 ᠣᠨ ᠤ 12 ᠰᠠᠷ᠎ᠠ ᠶᠢᠨ 31 ᠤ ᠡᠳᠦᠷ ᠤᠨ | ᠬᠤᠭᠤᠷᠣᠨᠳᠤ ᠲᠦᠷᠦᠭᠰᠡᠨ︶ ᠴᠥᠮ ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠬᠠᠤᠯᠢ ᠶᠣᠰᠣᠭᠠᠷ | ᠭᠦᠢᠴᠡᠳᠬᠡᠬᠦ ᠬᠡᠷᠡᠭᠲᠡᠢ᠃ ᠲᠣᠰ ᠬᠥᠮᠥᠨ ᠨᠢ ᠰᠠᠶᠢᠨ ᠳᠤᠷ᠎ᠠ ᠠᠴᠠ ᠪᠠᠨ ᠴᠡᠷᠢᠭ ᠲᠤ ᠡᠯᠰᠡᠭᠳᠡᠭᠰᠡᠨ ᠪᠥᠭᠡᠳ 12 | ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 17 ᠨᠠᠰᠤ ᠬᠦᠷᠦᠭᠰᠡᠨ ᠡᠷᠡᠭᠲᠡᠢ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ︵ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠰᠣᠷᠣᠭᠴᠢ ᠴᠤ ᠴᠡᠷᠢᠭ ᠤᠨ | ᠠᠯᠪᠠᠨ ᠳᠤ ᠳᠠᠩᠰᠠᠯᠠᠭᠤᠯᠬᠤ ᠬᠡᠷᠡᠭᠲᠡᠢ᠃ | ᠬᠤᠶᠠᠷ᠂ ᠳᠠᠩᠰᠠᠯᠠᠬᠤ ᠵᠢᠷᠤᠮ᠃ 1 ᠰᠠᠷ᠎ᠠ ᠶᠢᠨ 28 ᠤ ᠡᠳᠦᠷ ᠠᠴᠠ ᠡᠮᠦᠨ᠎ᠡ᠂ ︽ᠪᠥᠬᠦ ᠤᠯᠤᠰ ᠤᠨ | ᠴᠡᠷᠢᠭ ᠡᠯᠰᠡᠬᠦ ᠰᠦᠯᠵᠢᠶ᠎ᠡ︾ ︵ᠰᠦᠯᠵᠢᠶᠡᠨ ᠤ ᠬᠠᠶ᠋ᠢᠭ᠄ http://www.gfbzb.gov.cn︶ ᠳᠤ | ᠭᠠᠷᠴᠤ ᠰᠦᠯᠵᠢᠶᠡᠨ ᠳᠡᠭᠡᠷ᠎ᠡ ᠴᠡᠷᠢᠭ ᠤᠨ ᠠᠯᠪᠠᠨ ᠳᠤ ᠳᠠᠩᠰᠠᠯᠠᠭᠤᠯᠤᠨ᠎ᠠ᠃ ᠰᠦᠯᠵᠢᠶᠡᠨ ᠳᠤ ᠭᠠᠷᠴᠤ ᠳᠡᠶᠢᠯᠬᠦ | ᠦᠭᠡᠢ ᠪᠣᠯ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠡᠪᠰᠡᠭᠲᠦ ᠬᠦᠴᠦᠨ ᠤ ᠬᠡᠯᠲᠡᠰ ᠪᠤᠶᠤ ᠬᠤᠲᠠ ᠶᠢᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠵᠤ᠂ ᠠᠵᠢᠯᠲᠠᠨ ᠢᠶᠠᠷ ᠬᠠᠮᠵᠢᠨ ᠰᠦᠯᠵᠢᠶᠡᠨ ᠳᠤ ᠭᠠᠷᠴᠤ | ᠳᠠᠩᠰᠠᠯᠠᠭᠤᠯᠬᠤ ᠬᠡᠷᠡᠭᠲᠡᠢ᠃ | ᠭᠤᠷᠪᠠ᠂ ᠲᠤᠬᠠᠢ ᠶᠢᠨ ᠲᠠᠯᠠᠪᠠᠢ ᠳᠤ ᠨᠤᠲᠠᠯᠠᠬᠤ᠃ ᠰᠦᠯᠵᠢᠶᠡᠨ ᠳᠡᠭᠡᠷ᠎ᠡ ᠴᠡᠷᠢᠭ ᠤᠨ ᠠᠯᠪᠠᠨ ᠳᠤ | ᠳᠠᠩᠰᠠᠯᠠᠭᠤᠯᠤᠭᠰᠠᠨ ᠤ ᠳᠠᠷᠠᠭ᠎ᠠ᠂ ᠲᠣᠰ ᠬᠥᠮᠥᠨ ᠪᠤᠶᠤ ᠭᠡᠷ ᠤᠨ ᠠᠬᠠᠮᠠᠳ ᠨᠢ ︽ᠡᠷᠡᠭᠲᠡᠢ ᠠᠷᠠᠳ ᠢᠷᠭᠡᠨ ᠤ | ᠴᠡᠷᠢᠭ ᠤᠨ ᠠᠯᠪᠠᠨ ᠤ ᠳᠠᠩᠰᠠᠯᠠᠯᠲᠠ / ᠡᠯᠰᠡᠭᠳᠡᠬᠦ ᠶᠣᠰᠣᠲᠠᠢ ᠨᠡᠷ᠎ᠡ ᠮᠡᠳᠡᠭᠦᠯᠬᠦ ᠬᠦᠰᠦᠨᠦᠭᠲᠦ︾ ᠵᠢᠴᠢ ᠲᠣᠰ | ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠣᠷᠣᠭᠴᠢ ᠶᠢᠨ ᠦᠨᠡᠮᠯᠡᠯ ︵ᠰᠤᠷᠭᠠᠭᠤᠯᠢ | ᠲᠡᠭᠦᠰᠦᠭᠰᠡᠨ ᠦᠨᠡᠮᠯᠡᠯ︶᠂ ᠬᠤᠶᠠᠷ ᠢᠮᠠᠬᠤ ᠶᠢᠨ ᠬᠥᠬᠡ ᠳᠡᠪᠢᠰᠬᠡᠷ ᠲᠠᠢ ᠮᠠᠯᠠᠭᠠᠢ ᠦᠭᠡᠢ ᠨᠢᠭᠤᠷ ᠲᠠᠯ᠎ᠠ ᠶᠢᠨ ᠬᠡᠷᠡᠯ | ᠵᠢᠷᠤᠭ ᠢᠶᠠᠨ ᠠᠪᠴᠤ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠲᠤᠬᠠᠢ ᠶᠢᠨ ᠲᠠᠯᠠᠪᠤᠷ ᠲᠤᠨᠢ ᠨᠤᠲᠠᠯᠠᠬᠤ ᠶᠢᠨ ᠬᠠᠮᠲᠤ | ︽ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠦᠨᠡᠮᠯᠡᠯ︾ ᠠᠪᠤᠨ᠎ᠠ᠃ | ᠳᠥᠷᠪᠡ᠂ ᠬᠠᠤᠯᠢ ᠶᠢᠨ ᠬᠠᠷᠢᠭᠤᠴᠠᠯᠭ᠎ᠠ᠃ ᠴᠡᠷᠢᠭ ᠤᠨ ᠠᠯᠪᠠᠨ ᠳᠤ ᠳᠠᠩᠰᠠᠯᠠᠭᠤᠯᠬᠤ ᠪᠣᠯ ᠤᠯᠤᠰ ᠠᠴᠠ | ᠠᠯᠪᠠᠳᠠᠯᠭ᠎ᠠ ᠶᠢᠨ ᠴᠢᠨᠠᠷᠲᠠᠢ ᠪᠠᠷ ᠭᠦᠢᠴᠡᠳᠬᠡᠬᠦ ᠡᠭᠦᠷᠭᠡ ᠮᠥᠨ᠂ ᠴᠡᠷᠢᠭ ᠲᠤ ᠣᠷᠣᠬᠤ ᠪᠠᠷ ᠪᠡᠯᠡᠳᠬᠡᠭᠰᠡᠨ | ᠡᠰᠡᠬᠦ ᠶᠢ ᠬᠠᠮᠢᠶᠠᠷᠬᠤ ᠦᠭᠡᠢ ᠪᠠᠷ ᠡᠷᠬᠡᠪᠰᠢ ᠴᠡᠷᠢᠭ ᠤᠨ ᠠᠯᠪᠠᠨ ᠳᠤ ᠳᠠᠩᠰᠠᠯᠠᠭᠤᠯᠬᠤ ᠬᠡᠷᠡᠭᠲᠡᠢ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ | ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ᠤᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠦᠬᠦᠢ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠪᠠ᠄ | 1. ᠪᠦᠬᠦᠯᠢ 18 ᠨᠠᠰᠤ ᠬᠦᠷᠦᠭᠰᠡᠨ ᠡᠷᠡᠭᠲᠡᠢ ᠠᠷᠠᠳ ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ | ᠦᠭᠡᠢ ᠪᠠᠶᠢᠪᠠᠯ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠂ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠳᠤ ᠪᠡᠶ᠎ᠡ ᠶᠢᠨ ᠦᠨᠡᠮᠯᠡᠯ ᠤᠨ ᠭᠠᠷ ᠭᠦᠢᠴᠡᠳᠬᠡᠯ | ᠬᠢᠵᠦ ᠥᠭᠴᠦ ᠪᠣᠯᠬᠤ ᠦᠭᠡᠢ᠃ | 2. ᠴᠡᠷᠢᠭ ᠤᠨ ᠠᠯᠪᠠᠨ ᠳᠤ ᠳᠠᠩᠰᠠᠯᠠᠭᠤᠯᠬᠤ ᠠᠴᠠ ᠵᠠᠶᠢᠯᠠᠭᠰᠠᠨ ᠰᠤᠷᠭᠠᠭᠤᠯᠢ ᠳᠤ ᠣᠷᠣᠬᠤ ᠨᠠᠰᠤᠨ ᠤ | ᠵᠠᠯᠠᠭᠤᠴᠤᠳ ᠢ ᠠᠯᠪᠠᠲᠠᠨ ᠡᠯᠰᠡᠬᠦ᠂ ᠭᠠᠳᠠᠭᠠᠳᠤ ᠳᠤ ᠭᠠᠷᠬᠤ ᠬᠢᠯᠢ ᠠᠴᠠ ᠭᠠᠷᠬᠤ ᠭᠠᠷ ᠭᠦᠢᠴᠡᠳᠬᠡᠯ ᠬᠢᠬᠦ᠂ | ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢ ᠳᠠᠩᠰᠠᠯᠠᠭᠤᠯᠬᠤ ᠵᠡᠷᠭᠡ ᠲᠠᠢ ᠤᠶᠠᠯᠳᠤᠭᠤᠯᠤᠨ᠂ ︽ | ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠦᠨᠡᠮᠯᠡᠯ︾ ᠢ ᠬᠢᠨᠠᠨ ᠰᠢᠯᠭᠠᠬᠤ ᠬᠡᠯᠪᠡᠷᠢ ᠪᠠᠷ ᠬᠢᠵᠠᠭᠠᠷᠯᠠᠬᠤ ᠪᠠ | ᠠᠯᠪᠠᠳᠠᠯᠭ᠎ᠠ ᠪᠠᠷ ᠳᠠᠩᠰᠠᠯᠠᠭᠤᠯᠤᠨ᠎ᠠ᠃ | 3. ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠢᠯᠠᠩᠭᠤᠶ᠎ᠠ ᠳᠤᠮᠳᠠᠳᠤ | ᠰᠤᠷᠭᠠᠭᠤᠯᠢ ᠪᠠ ᠳᠡᠭᠡᠳᠦ ᠰᠤᠷᠭᠠᠭᠤᠯᠢ ᠨᠤᠭᠤᠳ ᠰᠤᠷᠬᠤ ᠨᠠᠰᠤᠨ ᠤ ᠡᠷᠡᠭᠲᠡᠢ ᠠᠷᠠᠳ ᠢᠷᠭᠡᠳ ᠤᠨ ᠴᠡᠷᠢᠭ ᠤᠨ | ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠴᠠᠭ ᠲᠤᠬᠠᠢ ᠳᠤᠨᠢ ᠭᠦᠢᠴᠡᠳᠬᠡᠬᠦ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠬᠤ ᠪᠠ ᠰᠢᠮᠳᠠᠭᠤᠯᠵᠤ᠂ ᠲᠣᠰ ᠬᠠᠷᠢᠶ᠎ᠠ ᠣᠷᠣᠨ᠂ ᠲᠣᠰ ᠨᠢᠭᠡᠴᠡ ᠪᠤᠶᠤ ᠲᠣᠰ ᠰᠤᠷᠭᠠᠭᠤᠯᠢ ᠶᠢᠨ ᠪᠣᠶ | ᠪᠦᠬᠦᠢ ᠰᠤᠷᠬᠤ ᠨᠠᠰᠤᠨ ᠤ ᠡᠷᠡᠭᠲᠡᠢ ᠠᠷᠠᠳ ᠢᠷᠭᠡᠳ ᠤᠨ ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ | ᠪᠦᠬᠦᠨ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠠᠪᠤ᠂ ᠠᠰᠠᠭᠤᠨ ᠯᠠᠪᠯᠠᠬᠤ ᠶᠢ ᠭᠥᠯᠢᠶᠡᠨ ᠠᠪᠴᠤ ᠰᠢᠢᠳᠪᠦᠷᠢᠯᠡᠬᠦ᠃ ᠬᠤᠳᠠ ᠶᠢᠨ ᠴᠡᠷᠢᠭ ᠡᠯᠰᠡᠬᠦ ᠠᠯᠪᠠᠨ | ᠭᠡᠷ ᠵᠢᠴᠢ ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠪᠰᠡᠭᠲᠦ ᠬᠦᠴᠦᠨ ᠤ | ᠬᠡᠯᠲᠡᠰ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠤᠨ ᠠᠯᠪᠠᠨ ᠤ ᠬᠠᠤᠯᠢ ᠲᠣᠭᠲᠠᠭᠠᠯ ᠪᠠ | ᠴᠡᠷᠢᠭ ᠡᠯᠰᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠶᠢᠨ | ᠨᠠᠷᠢᠨ ᠲᠣᠳᠣᠷᠬᠠᠢ ᠲᠣᠭᠲᠠᠭᠠᠯ ᠢ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠳᠤ ᠭᠠᠷᠭᠠᠬᠤ ᠪᠤᠶᠤ ᠬᠤᠲᠠ | ᠰᠢᠶᠠᠩ ᠬᠤᠶᠠᠷ ᠱᠠᠲᠤᠨ ᠤ ᠴᠡᠷᠢᠭ ᠡᠯᠰᠡᠬᠦ ᠠᠵᠢᠯᠲᠠᠨ ᠠᠴᠠ ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠃ | ᠹᠧᠩᠵᠧᠨ ᠬᠤᠲᠠ ᠶᠢᠨ ᠴᠡᠷᠢᠭ ᠡᠯᠰᠡᠬᠦ ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ 3265694 / | 15848443666 / 18047460616᠃ | ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠰᠠᠭᠤᠨ ᠯᠠᠪᠯᠠᠬᠤ ᠤᠲᠠᠰᠤ᠄ | ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 15848429896 | ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 18504747558 | ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 18847428888 | ᠬᠤᠲᠠ ᠶᠢᠨ ᠬᠤᠶᠢᠲᠤ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 18847929996 | ᠠᠵᠤ ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 13754148859 | ᠵᠢᠦᠢ ᠪᠦᠦ ᠵᠤᠸᠠᠩ ᠪᠠᠯᠭᠠᠰᠤ᠄ 13789447674 | ᠬᠤᠩ ᠱᠠ ᠪᠠ ᠪᠠᠯᠭᠠᠰᠤ᠄ 13404841340 | ᠯᠦᠩ ᠱᠧᠩ ᠵᠤᠸᠠᠩ ᠪᠠᠯᠭᠠᠰᠤ᠄ 13121740325 | ᠾᠧᠢ ᠲᠤ ᠲᠠᠢ ᠪᠠᠯᠭᠠᠰᠤ᠄ 13080238720 | ᠰᠠᠨ ᠢ ᠴᠢᠤᠸᠠᠨ ᠪᠠᠯᠭᠠᠰᠤ᠄ 13739955211 | ᠭᠤᠸᠠᠨ ᠲᠦᠨ ᠪᠦ᠋ ᠰᠢᠶᠠᠩ᠄ 15248044602 | ᠬᠤᠨ ᠶᠤᠸᠠᠨ ᠶᠣᠣ ᠰᠢᠶᠠᠩ᠄ 13704742092 | ᠶᠤᠸᠠᠨ ᠱᠠᠨ ᠽᠢ ᠰᠢᠶᠠᠩ᠄ 13947472897 | | ᠹᠧᠩᠵᠧᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ | 2024 ᠣᠨ ᠤ 12 ᠰᠠᠷ᠎ᠠ ᠶᠢᠨ 2 ᠤᠨ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |