ᠮᠠᠨ ᠤ ᠬᠤᠲᠠ ᠶᠢᠨ 2024 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/12/4
   12 ᠰᠠᠷ᠎ᠠ ᠶᠢᠨ 3 ᠤ ᠡᠳᠦᠷ᠂ ᠮᠠᠨ ᠤ ᠬᠤᠲᠠ ᠶᠢᠨ ᠬᠢᠨ 2024 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠳᠡᠳ᠋ ᠡᠷᠬᠢᠯᠡᠭᠴᠢ ᠾᠧᠦ ᠴᠧᠨ ᠭᠤᠸᠠᠩ᠂ ᠸᠠᠩ ᠢᠦᠢ ᠴᠧᠩ᠂ ᠯᠢ ᠱᠦᠨ ᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠲᠤᠸᠠᠨ ᠢ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠸᠧᠢ ᠰᠢᠤᠸᠠᠢ ᠹᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠼᠠᠢ ᠰᠢᠶᠠ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠤᠷᠤᠯᠴᠠᠨ᠂ ᠸᠠᠩ ᠢᠦᠢ ᠴᠧᠩ ᠠᠵᠢᠯᠯᠠᠭ᠎ᠠ ᠶᠢ ᠡᠷᠬᠢᠯᠡᠪᠡ᠃
   ᠡᠨᠡ ᠵᠢᠯ ᠤᠨ ︽12.4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠪᠤᠯᠤᠨ᠎ᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠩ ᠬᠤᠩ ᠪᠠᠶᠠᠷ ᠤᠨ ᠶᠠᠷᠢᠶ᠎ᠠ ᠲᠠᠯᠪᠢᠭᠰᠠᠨ ᠪᠥᠭᠡᠳ 2024 ᠣᠨ ᠤ ᠹᠧᠩᠵᠧᠨ ᠬᠤᠲᠠ ᠶᠢᠨ ︽12 . 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ︔ ᠸᠠᠩ ᠢᠦᠢ ᠴᠧᠩ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠢ ᠳᠠᠭᠠᠭᠤᠯᠤᠨ ᠦᠨᠳᠦᠰᠦᠨ ᠬᠠᠤᠯᠢ ᠳᠤ ᠲᠠᠩᠭᠠᠷᠢᠭᠯᠠᠪᠠ︔ ᠬᠤᠷᠠᠯ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠬᠠᠤᠯᠢᠵᠢᠯ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ ᠪᠣᠯᠣᠨ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ︽ᠪᠢ ᠦᠨᠳᠦᠰᠦᠨ ᠬᠠᠤᠯᠢ ᠲᠠᠢ ᠬᠠᠮᠲᠤ ᠶᠢᠨ ᠰᠡᠭᠦᠳᠡᠷ ᠲᠠᠲᠠᠶ᠎ᠠ︾ ᠵᠢᠴᠢ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠯᠠᠪᠯᠠᠯᠭ᠎ᠠ ᠶᠢᠨ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠳᠤ ᠣᠷᠣᠯᠴᠠᠭᠰᠠᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠬᠠᠢ ᠶᠢᠨ ᠲᠠᠯᠠᠪᠠᠢ ᠳᠤ ᠥᠷᠭᠡᠨ ᠤᠯᠠᠨ ᠲᠦᠮᠡᠨ ᠳᠤ ᠡᠯ᠎ᠡ ᠲᠦᠷᠦᠯ ᠤᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
   ᠠᠵᠢᠯᠯᠠᠭ᠎ᠠ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠪᠠᠬᠢ ᠪᠤᠶ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠬᠤᠳᠠ ᠶᠢᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠬᠦ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠬᠡᠵᠦ ᠴᠢᠬᠤᠯᠠᠴᠢᠯᠠᠪᠠ᠃        ᠵᠣᠬᠢᠶᠠᠭᠴᠢ᠄ ᠸᠠᠩ ᠨᠢᠩ ᠪᠦᠸᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3