| ᠣᠯᠠᠨ ᠲᠦᠮᠡᠨ ᠤ ᠠᠩᠬᠠᠷᠴᠤ ᠪᠠᠶᠢᠭ᠎ᠠ ᠡᠨᠡ ᠬᠦ ᠠᠰᠠᠭᠤᠳᠠᠯ ᠳᠤ ᠬᠠᠷᠢᠭᠤᠯᠲᠠ ᠥᠭᠬᠦ ᠶᠢᠨ ᠲᠥᠯᠥᠭᠡ᠂ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠣᠶᠢᠷ᠎ᠠ ᠳᠤ ᠡᠯ᠎ᠡ ᠮᠤᠵᠢ ᠶᠢᠨ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠶᠢ ᠵᠢᠷᠤᠮᠵᠢᠭᠤᠯᠤᠨ ᠵᠠᠰᠠᠬᠤ ᠠᠵᠢᠯ ᠥᠷᠨᠢᠭᠦᠯᠬᠦ ᠶᠢ ᠨᠢᠭᠡᠳᠦᠯᠲᠡᠶ | ᠪᠠᠶᠢᠷᠢᠯᠠᠭᠤᠯᠵᠤ᠂ ᠵᠠᠷᠢᠮ ᠦᠨᠡᠳᠡᠢ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ ᠬᠠᠩᠰᠢ ᠶᠢ ᠵᠦᠶ | ᠵᠣᠬᠢᠰᠲᠠᠶ ᠬᠢᠮᠳᠠᠷᠠᠭᠤᠯᠬᠤ ᠶᠢ ᠠᠬᠢᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠬᠥᠩᠭᠡᠷᠡᠭᠦᠯᠵᠦ ᠪᠠᠶᠢᠨ᠎ᠠ᠃ ᠣᠳᠣᠬᠠᠨ ᠳᠤ᠂ ᠪᠥᠬᠦ ᠤᠯᠤᠰ ᠤᠨ ᠡᠯ᠎ᠡ ᠮᠤᠵᠢ ᠣᠷᠣᠨ ᠳᠤ ᠨᠡᠶᠢᠳᠡᠮ ᠳᠡᠭᠡᠨ 2000 | ᠭᠠᠷᠤᠶ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠪᠠᠶᠢᠬᠤ ᠪᠦᠭᠡᠳ ᠬᠡᠰᠡᠭ ᠵᠦᠢᠯᠡᠰ ᠤᠨ ᠬᠢᠨᠢ ᠦᠨ᠎ᠡ | ᠬᠠᠩᠰᠢ ᠨᠢ ᠠᠳᠠᠯᠢ ᠪᠤᠰᠤ ᠮᠤᠵᠢ ᠣᠷᠣᠨ ᠳᠤ ᠮᠠᠰᠢ ᠶᠡᠭᠡ ᠵᠥᠷᠢᠶ᠎ᠡ ᠲᠠᠢ ᠪᠠᠶᠢᠨ᠎ᠠ᠃ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠠᠴᠠ ᠦᠵᠡᠪᠡᠯ᠂ | 11 ᠰᠠᠷ᠎ᠠ ᠶᠢᠨ 1 ᠤ ᠡᠳᠦᠷ ᠪᠣᠯᠲᠠᠯ᠎ᠠ᠂ ᠪᠥᠬᠦ ᠤᠯᠤᠰ ᠤᠨ 31 ᠮᠤᠵᠢ ᠣᠷᠣᠨ ᠴᠥᠮ ᠪᠠᠶᠢᠴᠠᠭᠠᠬᠤ ᠪᠠ | ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ ᠬᠠᠨᠭ᠍ᠰᠢ ᠪᠠᠨ ᠨᠢᠭᠡᠨᠲᠡ ᠬᠢᠮᠳᠠᠷᠠᠭᠤᠯᠪᠠ᠂ ᠡᠭᠦᠨ ᠳᠤ ᠱᠠᠩᠬᠠᠶ᠂ | ᠵᠢᠶᠠᠩᠰᠢ᠂ ᠬᠥᠬᠡᠨᠠᠭᠤᠷ ᠵᠡᠷᠭᠡ ᠮᠤᠵᠢ ᠣᠷᠣᠨ ᠨᠢᠭᠡᠨᠲᠡ ᠤᠷᠢᠳ ᠢᠶᠠᠷ ᠬᠡᠷᠡᠭᠵᠢᠭᠦᠯᠤᠭ᠍ᠰᠡᠨ ᠪᠠᠶᠢᠨ᠎ᠠ᠃ ᠠᠩᠬ᠎ᠠ | ᠠᠯᠬᠤᠮ ᠤᠨ ᠵᠢᠱᠢᠯᠳᠠ ᠪᠠᠷ᠂ ᠲᠠᠩ ᠭᠠᠭᠴᠠ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ | ᠬᠠᠨᠭ᠍ᠰᠢ ᠨᠢ ᠳᠤᠮᠳᠠᠴᠢ ᠪᠠᠷ 40 ᠲᠥᠭᠦᠷᠢᠭ ᠠᠴᠠ ᠲᠡᠭᠡᠭᠰᠢ ᠬᠢᠮᠳᠠᠷᠠᠵᠤ᠂ ᠡᠪᠡᠳᠴᠢᠲᠡᠨ ᠪᠠ ᠡᠮ ᠡᠮᠨᠡᠯᠭᠡ ᠶᠢᠨ | ᠳᠠᠭᠠᠳᠬᠠᠯ ᠤᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠳᠠᠷᠤᠭᠠᠰᠤ ᠶᠢ ᠰᠢᠭᠤᠳ ᠬᠥᠩᠭᠡᠷᠡᠭᠦᠯᠵᠡᠢ᠃ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠲᠠᠨᠢᠯᠴᠠᠭᠤᠯᠤᠨ ᠬᠡᠯᠡᠬᠦ ᠳᠡᠭᠡᠨ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠤᠯᠤᠰ ᠤᠨ ᠡᠮ ᠡᠮᠨᠡᠯᠭᠡ ᠶᠢᠨ | ᠪᠠᠳᠤᠯᠠᠭ᠎ᠠ ᠶᠢᠨ ᠲᠣᠪᠴᠢᠶ᠎ᠠ ᠨᠢ ᠪᠠᠶᠢᠴᠠᠭᠠᠬᠤ ᠲᠥᠬᠦᠭᠡᠷᠦᠮᠵᠢ᠂ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠢ | ᠬᠤᠳᠠᠯᠳᠤᠨ ᠠᠪᠬᠤ ᠥᠪᠡᠷ ᠤᠨ ᠥᠷᠲᠡᠭ ᠤᠨ ᠬᠢᠮᠳᠠᠷᠠᠯ ᠤᠨ ᠪᠠᠶᠢᠳᠠᠯ ᠢ ᠦᠨᠳᠦᠰᠦᠯᠡᠨ᠂ ᠪᠠᠶᠢᠴᠠᠭᠠᠬᠤ ᠪᠠ | ᠰᠢᠯᠭᠠᠨ ᠪᠠᠶᠢᠴᠠᠭᠠᠬᠤ ᠦᠨ᠎ᠡ ᠬᠠᠩᠰᠢ ᠶᠢ ᠵᠢᠷᠤᠮᠵᠢᠭᠤᠯᠤᠨ ᠵᠠᠰᠠᠬᠤ ᠠᠵᠢᠯ ᠢ ᠪᠦᠯᠦᠭ ᠬᠤᠪᠢᠶᠠᠨ ᠥᠷᠨᠢᠭᠦᠯᠦᠨ᠎ᠡ᠃ | ᠡᠭᠦᠨ ᠤ ᠬᠠᠮᠲᠤ᠂ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠦᠨ᠎ᠡ ᠬᠠᠩᠰᠢ ᠶᠢ ᠪᠠᠭᠤᠷᠠᠭᠤᠯᠤᠨ ᠰᠤᠯᠠᠯᠠᠵᠤ | ᠭᠠᠷᠭᠠᠭᠰᠠᠨ ᠵᠠᠷᠤᠳᠠᠯ ᠤᠨ ᠣᠷᠣᠨ ᠵᠠᠶ ᠳᠤ᠂ ᠦᠨ᠎ᠡ ᠬᠠᠩᠰᠢ ᠶᠢ ᠲᠣᠬᠢᠷᠠᠭᠤᠯᠬᠤ ᠳᠤ ᠨᠡᠶᠢᠴᠡᠬᠦ ᠮᠤᠵᠢ ᠶᠢᠨ | ᠰᠤᠪᠢᠯᠠᠯᠲᠠ᠂ ᠡᠭᠦᠳᠡᠨ ᠡᠮᠨᠡᠯᠭᠡ᠂ ᠮᠡᠰᠡ ᠵᠠᠰᠠᠯ ᠵᠡᠷᠭᠡ ᠵᠦᠢᠯᠡᠰ ᠤᠨ ᠦᠨ᠎ᠡ ᠬᠠᠩᠰᠢ ᠳᠤ ᠵᠣᠬᠢᠬᠤ ᠬᠠᠷᠢᠴᠠᠯ ᠢᠶᠠᠷ | ᠲᠤᠰᠬᠠᠶ ᠵᠦᠢᠯ ᠢᠶᠠᠷ ᠲᠣᠬᠢᠷᠠᠭᠤᠯᠤᠨ ᠰᠢᠯᠢᠳᠡᠭᠵᠢᠭᠦᠯᠬᠦ ᠶᠢ ᠵᠢᠭᠠᠨ ᠵᠢᠯᠤᠭᠤᠳᠬᠤ ᠪᠦᠭᠡᠳ ᠪᠠᠰᠠ ᠡᠮᠴᠢᠯᠡᠭᠡᠨ ᠤ | ᠪᠠᠴᠢᠮ ᠬᠡᠷᠡᠭᠴᠡᠭᠡ ᠶᠢ ᠬᠠᠩᠭᠠᠬᠤ ᠳᠤ ᠥᠨᠳᠥᠷ ᠲᠦᠪᠰᠢᠨ ᠪᠥᠬᠦᠶ ᠦᠨᠡᠨ ᠰᠢᠨ᠎ᠡ ᠡᠭᠦᠳᠦᠯᠲᠡ ᠶᠢ ᠳᠡᠮᠵᠢᠬᠦ ᠳᠤ | ᠵᠠᠷᠤᠳᠠᠯ ᠤᠨ ᠣᠷᠣᠨ ᠵᠠᠶ ᠦᠯᠡᠳᠡᠭᠡᠨ ᠥᠭᠴᠦ᠂ ᠨᠠᠩ ᠣᠯᠠᠨ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ | ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠳᠤ ᠬᠡᠷᠡᠭᠯᠡᠬᠦ ᠶᠢ ᠲᠦᠷᠭᠡᠳᠬᠡᠵᠦ᠂ ᠡᠮᠴᠢᠯᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠢᠶᠠᠷ ᠠᠷᠠᠳ ᠲᠤ ᠪᠤᠶᠠᠨ ᠦᠢᠯᠡᠳᠦᠨ᠎ᠡ ᠬᠡᠪᠡ᠃ | | ᠪᠡᠯᠡᠳᠭᠡᠭᠡᠰᠡᠨ ᠨᠢ ᠄ ᠬᠠᠨ ᠰᠢᠶᠤᠤ ᠿᠦᠩ | ᠬᠢᠨᠠᠭᠴᠢ᠄ ᠼᠦᠢ ᠶᠢᠩ | ᠢᠷᠡᠯᠲᠡ᠄ ᠠᠷᠠᠳ ᠤᠨ ᠮᠤᠩᠭᠤᠯ ᠰᠦᠯᠵᠢᠶ᠎ᠡ |