| 2025 ᠣᠨ ᠤ ᠮᠤᠵᠢ ᠶᠢᠨ ᠱᠠᠲᠤᠨ ᠤ ᠪᠠᠶᠢᠭᠤᠯᠭ᠎ᠠ ︵ᠨᠢᠭᠡᠴᠡ︶ ᠶᠢᠨ ᠠᠯᠪᠠᠲᠠᠨ ᠡᠯᠰᠡᠬᠦ ᠰᠢᠯᠭᠠᠯᠲᠠ ᠳᠤ | ᠨᠡᠷ᠎ᠡ ᠮᠡᠳᠡᠭᠦᠯᠬᠦ ᠠᠵᠢᠯ ᠶᠠᠭ ᠶᠠᠪᠤᠭᠳᠠᠵᠤ ᠪᠠᠶᠢᠨ᠎ᠠ᠃ ᠵᠠᠭᠤᠴᠢᠯᠠᠭᠤᠷ ᠤᠨ ᠬᠢᠨ ᠤ ᠣᠶᠢᠯᠠᠭᠠᠭᠰᠠᠨ ᠢᠶᠠᠷ᠂ 11 | ᠰᠠᠷ᠎ᠠ ᠶᠢᠨ 8 ᠤ ᠡᠳᠦᠷ ᠪᠣᠯᠲᠠᠯ᠎ᠠ᠂ ᠰᠧᠴᠤᠸᠠᠨ᠂ ᠱᠠᠩᠬᠠᠶ᠂ ᠵᠧᠵᠢᠶᠠᠩ᠂ ᠱᠠᠨᠳᠦ᠋ᠩ᠂ ᠲᠢᠶᠠᠨᠵᠢᠨ᠂ ᠵᠢᠶᠠᠩᠰᠦ | ᠵᠡᠷᠭᠡ 6 ᠮᠤᠵᠢ ᠣᠷᠣᠨ ᠨᠢ 2025 ᠣᠨ ᠤ ᠮᠤᠵᠢ ᠶᠢᠨ ᠰᠢᠯᠭᠠᠯᠲᠠ ᠶᠢᠨ ᠠᠯᠪᠠᠨ ᠵᠠᠷ ᠨᠡᠶᠢᠲᠡᠯᠡᠵᠦ᠂ ᠲᠣᠰ | ᠡᠳᠦᠷ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠬᠢᠬᠦ ᠪᠤᠯᠤᠨ᠎ᠠ᠃ ᠲᠣᠰ ᠬᠤᠭᠤᠴᠠᠭᠠᠨ ᠤ | ᠮᠤᠵᠢ ᠶᠢᠨ ᠰᠢᠯᠭᠠᠯᠲᠠ ᠳᠤ᠂ ᠮᠠᠰᠢ ᠣᠯᠠᠨ ᠮᠤᠵᠢ ᠣᠷᠣᠨ ᠨᠢ ᠡᠯᠰᠡᠬᠦ ᠲᠥᠯᠥᠪᠯᠡᠭᠡ ᠪᠠᠨ ᠲᠣᠰ ᠬᠤᠭᠤᠴᠠᠭᠠᠨ ᠤ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠬᠡᠯᠪᠠᠶᠢᠯᠭᠡᠪᠡ᠃ | ᠵᠢᠱᠢᠶᠡᠯᠡᠪᠡᠯ ᠱᠠᠩᠬᠠᠶ ᠬᠤᠲᠠ ᠶᠢᠨ ᠬᠢᠨ᠂ ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 35 ᠨᠠᠰᠤᠨ ᠠᠴᠠ | ᠳᠣᠷᠣᠭᠰᠢ ︵1988 ᠣᠨ ᠤ 11 ᠰᠠᠷ᠎ᠠ ᠠᠴᠠ 2006 ᠣᠨ ᠤ 11 ᠰᠠᠷ᠎ᠠ ᠪᠣᠯᠲᠠᠯᠠᠬᠢ ᠬᠤᠭᠤᠴᠠᠭᠠᠨ ᠳᠤ | ᠲᠥᠷᠥᠭᠰᠡᠨ︶ ᠨᠠᠰᠤᠨ ᠤ ᠲᠣᠰ ᠬᠤᠭᠤᠴᠠᠭᠠᠨ ᠤ ᠠᠰᠫᠢᠷᠠᠨᠲ᠂ ᠳ᠋ᠣᠺᠲ᠋ᠣᠷᠠᠨᠲ ᠰᠢᠯᠭᠠᠯᠲᠠ ᠳᠤ ᠨᠡᠷ᠎ᠡ | ᠮᠡᠳᠡᠭᠦᠯᠦᠭᠰᠡᠨ ᠪᠠᠶᠢᠪᠠᠯ ᠪᠦᠬᠦᠯᠢ 40 ᠨᠠᠰᠤᠨ ᠠᠴᠠ ᠳᠣᠷᠣᠭᠰᠢ ︵1983 ᠣᠨ ᠤ 11 ᠰᠠᠷ᠎ᠠ ᠠᠴᠠ ᠰᠡᠭᠦᠯᠡᠷ | ᠲᠥᠷᠥᠭᠰᠡᠨ︶ ᠬᠦᠷᠳᠡᠯ᠎ᠡ ᠤᠷᠳᠤᠳᠬᠠᠨ᠎ᠠ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠢᠰᠲ᠋ᠧᠮ ᠤᠨ ᠲᠤᠰᠬᠠᠢ ᠺᠠᠳ᠋ᠷ ᠤᠨ ᠲᠤᠰᠢᠶᠠᠯ ᠤᠨ ᠪᠠᠶᠢᠷᠢ ᠳᠤ ᠨᠡᠷ᠎ᠡ | ᠮᠡᠳᠡᠭᠦᠯᠦᠨ ᠰᠢᠯᠭᠠᠭᠰᠠᠳ ᠢ ᠪᠦᠬᠦᠯᠢ 40 ᠨᠠᠰᠤᠨ ᠠᠴᠠ ᠳᠣᠷᠣᠭᠰᠢ ︵1983 ᠣᠨ ᠤ 11 ᠰᠠᠷ᠎ᠠ ᠠᠴᠠ | ᠰᠡᠭᠦᠯᠡᠷ ᠲᠥᠷᠥᠭᠰᠡᠨ︶ ᠬᠦᠷᠳᠡᠯ᠎ᠡ ᠤᠷᠳᠤᠳᠬᠠᠨ᠎ᠠ ᠬᠡᠪᠡ᠃ | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | ᠢᠷᠡᠯᠲᠡ᠄ ᠠᠷᠠᠳ ᠤᠨ ᠮᠤᠩᠭᠤᠯ ᠰᠦᠯᠵᠢᠶ᠎ᠡ |