| ᠣᠳᠣᠬᠠᠨ ᠳᠤ᠂ ᠲᠠᠷᠢᠮᠠᠯ ᠤᠨ ᠵᠦᠢᠯ ᠵᠠᠯᠭᠠᠭ᠎ᠠ ᠪᠠᠷ ᠪᠣᠯᠪᠠᠰᠤᠷᠠᠵᠤ ᠬᠤᠷᠢᠶᠠᠬᠤ ᠬᠤᠭᠤᠴᠠᠭᠠᠨ ᠳᠠᠭᠠᠨ ᠣᠷᠣᠵᠤ | ᠤᠷᠭᠤᠴᠠ ᠨᠢ ᠶᠡᠷᠦᠩᠬᠡᠢ ᠳᠡᠭᠡᠨ ᠬᠡᠪ ᠤᠨ ᠪᠠᠶᠢᠳᠠᠯ ᠲᠠᠢ ᠪᠠᠶᠢᠨ᠎ᠠ᠃ ᠭᠡᠪᠡᠴᠦ ᠦᠷᠭᠦᠯᠵᠢᠯᠡᠭᠰᠡᠨ ᠪᠦᠷᠬᠦᠭ | ᠪᠣᠷᠣᠭᠠᠨ ᠲᠠᠢ ᠴᠠᠭ ᠠᠭᠤᠷ ᠲᠤ ᠲᠣᠬᠢᠶᠠᠯᠳᠤᠵᠤ᠂ ᠨᠡᠷᠡᠨ ᠤ ᠲᠤᠰᠤᠯᠲᠠ ᠳᠤᠲᠠᠮᠠᠭ᠂ ᠠᠭᠠᠷ ᠤᠨ ᠴᠢᠭᠢᠭᠲᠦᠴᠡ | ᠶᠡᠭᠡ ᠵᠡᠷᠭᠡ ᠴᠠᠭ ᠠᠭᠤᠷ ᠤᠨ ᠨᠥᠬᠦᠴᠡᠯ ᠠᠴᠠ ᠪᠣᠯᠵᠤ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ | ᠪᠠᠭᠤᠷᠠᠵᠤ᠂ ᠰᠢᠮ᠎ᠡ ᠲᠡᠵᠢᠭᠡᠯ ᠤᠨ ᠬᠤᠷᠠᠮᠳᠤᠯᠭ᠎ᠠ ᠶᠢᠨ ᠠᠰᠢᠭᠯᠠᠮᠵᠢ ᠳᠣᠷᠣᠭᠰᠢᠯᠠᠵᠤ᠂ ᠵᠢᠩᠬᠢᠨᠢ ᠮᠦᠬᠦ ᠶᠢᠨ | ᠴᠢᠨᠠᠷᠲᠠᠢ ᠡᠪᠡᠳᠴᠢᠨ ᠤ ᠬᠥᠨᠥᠭᠡᠯ᠂ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠥᠨᠥᠭᠡᠯ ᠤᠨ ᠡᠪᠡᠳᠴᠢᠯᠡᠬᠦ | ᠨᠥᠬᠦᠴᠡᠯ ᠲᠣᠬᠢᠷᠠᠵᠤ᠂ ᠡᠷᠳᠡᠨᠢ ᠰᠢᠰᠢ᠂ ᠨᠠᠷᠢᠮᠤ᠂ ᠨᠣᠬᠠᠢ ᠶᠢᠨ ᠬᠤᠰᠢᠭᠤ ᠵᠡᠷᠭᠡ ᠦᠶᠡᠲᠦ ᠤᠷᠭᠤᠮᠠᠯ ᠤᠨ | ᠢᠵᠠᠭᠤᠷ ᠤᠨ ᠲᠠᠷᠢᠮᠠᠯ ᠢ ᠠᠮᠠᠷᠬᠠᠨ ᠬᠤᠭᠤᠯᠵᠤ᠂ ᠦᠷ᠎ᠡ ᠨᠢ ᠸᠠᠯᠠᠵᠤ ᠬᠤᠪᠢᠷᠠᠳᠠᠭ︔ ᠲᠥᠮᠥᠰᠥᠨ ᠤ ᠬᠠᠭᠤᠷᠠᠢ | ᠪᠣᠳᠠᠰ ᠤᠨ ᠬᠤᠷᠠᠮᠳᠤᠯ ᠨᠢ ᠤᠳᠠᠭᠠᠨ᠂ ᠡᠷᠲᠡ ᠳᠣᠷᠦ᠋ᠢᠲᠠᠵᠤ᠂ ᠲᠥᠮᠥᠰᠥ ᠢᠯᠵᠠᠷᠠᠳᠠᠭ︔ ᠨᠡᠷᠡᠨ ᠬᠤᠸᠠᠷ ᠤᠨ | ᠪᠠᠺᠲ᠋ᠧᠷᠢ ᠶᠢᠨ ᠴᠥᠮ᠎ᠡ ᠶᠢᠨ ᠡᠪᠡᠳᠴᠢᠨ᠂ ᠵᠢᠪᠡᠷᠡᠬᠦ ᠡᠪᠡᠳᠴᠢᠨ ᠬᠦᠨᠳᠦᠷᠡᠳᠡᠭ︔ ᠨᠠᠮᠤᠷ ᠤᠨ ᠴᠠᠭᠠᠨ | ᠨᠣᠭᠤᠭ᠎ᠠ ᠶᠢᠨ ᠢᠯᠵᠢᠷᠡᠬᠦ ᠡᠪᠡᠳᠴᠢᠨ᠂ ᠯᠤᠤᠪᠠᠩ ᠤᠨ ᠦᠨᠳᠦᠰᠦ ᠶᠢᠨ ᠢᠯᠵᠢᠷᠡᠬᠦ ᠡᠪᠡᠳᠴᠢᠨ᠂ ᠲᠥᠬᠦᠭᠡᠷᠦᠮᠵᠢᠲᠦ | ᠢᠳᠡᠰᠢᠨ ᠨᠣᠭᠤᠭ᠎ᠠ ᠶᠢᠨ ᠴᠠᠭᠠᠨ ᠬᠥᠭᠡᠴᠦ ᠶᠢᠨ ᠡᠪᠡᠳᠴᠢᠨ᠂ ᠦᠨᠡᠰᠦᠨ ᠬᠥᠭᠡᠴᠦ ᠶᠢᠨ ᠡᠪᠡᠳᠴᠢᠨ ᠵᠡᠷᠭᠡ | ᠡᠪᠡᠳᠴᠢᠨ ᠤ ᠬᠤᠣᠷ ᠬᠥᠨᠥᠭᠡᠯ ᠬᠠᠯᠳᠠᠪᠤᠷᠢᠯᠠᠬᠤ ᠪᠠ ᠦᠷᠡᠵᠢᠳᠡᠭ᠃ ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠡᠯ᠎ᠡ | ᠭᠠᠵᠠᠷ ᠤᠨ ᠬᠢᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ | ᠤᠷᠭᠤᠮᠠᠯ ᠤᠨ ᠬᠠᠮᠠᠭᠠᠯᠠᠯᠲᠠ ᠶᠢᠨ ᠴᠢᠭᠯᠡᠯᠲᠡ ᠶᠢᠨ ᠶᠣᠰᠣᠭᠠᠷ᠂ ᠦᠢᠯᠡᠳᠪᠦᠷᠢᠯᠡᠯ ᠤᠨ ᠰᠡᠷᠭᠡᠶᠢᠯᠡᠯᠲᠡ ᠶᠢ | ᠢᠳᠡᠪᠬᠢᠲᠡᠢ ᠥᠷᠨᠢᠭᠦᠯᠵᠦ᠂ ᠪᠦᠷᠬᠦᠭ ᠪᠣᠷᠣᠭᠠᠨ ᠤ ᠳᠠᠷᠠᠭᠠᠬᠢ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ | ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠪᠣᠳᠠᠲᠠᠢ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄ | ᠨᠢᠭᠡ ᠳᠤ᠂ ᠪᠦᠷᠬᠦᠭ ᠪᠣᠷᠣᠭᠠᠨ ᠴᠥᠭᠡᠨ ᠬᠤᠭᠤᠴᠠᠭᠠᠨ ᠳᠤ ᠴᠢᠳᠠᠬᠤ ᠶᠢᠨ ᠳᠣᠲᠣᠷ᠎ᠠ ᠲᠠᠷᠢᠮᠠᠯ ᠤᠨ ᠰᠠᠯᠠᠭ᠎ᠠ | ᠨᠠᠮᠠᠭ᠎ᠠ ᠶᠢ ᠨᠢ ᠬᠠᠶᠢᠴᠢᠯᠠᠨ ᠵᠠᠰᠠᠬᠤ ᠪᠤᠶᠤ ᠪᠤᠰᠤᠳ ᠭᠡᠮᠲᠦᠭᠡᠵᠦ ᠮᠡᠳᠡᠬᠦ ᠲᠠᠷᠢᠶᠠᠯᠠᠩ ᠤᠨ ᠠᠵᠢᠯ ᠢ ᠬᠢᠬᠦ ᠠᠴᠠ | ᠵᠠᠶᠢᠯᠠᠰᠬᠢᠬᠦ ᠬᠡᠷᠡᠭᠲᠡᠢ᠃ ᠲᠡᠭᠷᠢ ᠴᠡᠯᠮᠡᠭᠰᠢᠭᠰᠡᠨ ᠤ ᠳᠠᠷᠠᠭ᠎ᠠ᠂ ᠲᠠᠷᠢᠶᠠᠨ ᠭᠠᠵᠠᠷ ᠢ ᠴᠠᠭ ᠲᠤᠬᠠᠢ ᠳᠤᠨᠢ ᠴᠡᠪᠡᠷᠯᠡᠵᠦ᠂ | ᠢᠯᠵᠢᠷᠡᠭᠰᠡᠨ ᠨᠠᠪᠴᠢ᠂ ᠰᠢᠷ᠎ᠠ ᠨᠠᠪᠴᠢ ᠶᠢ ᠴᠡᠪᠡᠷᠯᠡᠨ ᠠᠷᠢᠯᠭᠠᠵᠤ᠂ ᠡᠪᠡᠳᠴᠢᠨ ᠬᠤᠷᠣᠬᠠᠢ ᠶᠢᠨ ᠢᠷᠡᠯᠲᠡ ᠶᠢᠨ | ᠰᠠᠭᠤᠷᠢ ᠲᠤᠭ᠎ᠠ ᠶᠢ ᠪᠠᠭᠠᠰᠬᠠᠬᠤ ᠶᠢᠨ ᠬᠠᠮᠲᠤ ᠭᠤᠣᠯ ᠪᠣᠯᠬᠤ ᠡᠪᠡᠳᠴᠢᠨ ᠤ ᠰᠠᠭᠤᠷᠢ ᠶᠢ ᠣᠯᠵᠤ ᠮᠡᠳᠡᠪᠡᠯ ᠳᠠᠷᠤᠢ | ᠲᠦᠷᠭᠡᠨ ᠡᠮ ᠢᠶᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠬᠤᠶᠠᠷ ᠲᠤ᠂ ᠴᠠᠭ ᠲᠤᠬᠠᠢ ᠳᠤᠨᠢ ᠪᠣᠷᠳᠣᠭᠤᠷ ᠣᠷᠣᠭᠤᠯᠵᠤ᠂ ᠤᠷᠭᠤᠮᠠᠯ ᠤᠨ ᠡᠪᠡᠳᠴᠢᠨ ᠢ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ ᠪᠦᠷᠬᠦᠭ ᠪᠣᠷᠣᠭᠠᠨ ᠥᠩᠭᠡᠷᠡᠭᠰᠡᠨ ᠤ ᠳᠠᠷᠠᠭ᠎ᠠ ᠬᠥᠷᠥᠰᠥᠨ ᠤ ᠬᠦᠴᠦ | ᠰᠢᠮ᠎ᠡ ᠠᠯᠳᠠᠭᠳᠠᠪᠠᠯ᠂ ᠪᠣᠷᠳᠣᠭᠤᠷ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠨᠠᠪᠴᠢᠨ ᠤ ᠭᠠᠳᠠᠷᠭᠤ ᠶᠢᠨ | ᠪᠣᠷᠳᠣᠭᠤᠷ ᠢ ᠵᠣᠬᠢᠰᠲᠠᠢ ᠰᠦᠷᠴᠢᠨ ᠣᠷᠣᠭᠤᠯᠵᠤ᠂ ᠹᠣᠰᠹᠣᠷ ᠺᠠᠯᠢ ᠶᠢᠨ ᠪᠣᠷᠳᠣᠭᠤᠷ ᠵᠢᠴᠢ ᠪᠢᠴᠢᠯ ᠡᠯᠧᠮᠧᠨ᠋ᠲ ᠢ | ᠨᠡᠮᠡᠨ ᠣᠷᠣᠭᠤᠯᠵᠤ᠂ ᠤᠷᠭᠤᠮᠠᠯ ᠤᠨ ᠡᠰᠡᠷᠭᠦᠴᠡᠬᠦ ᠴᠢᠨᠠᠷ ᠢ ᠨᠡᠮᠡᠭᠳᠡᠭᠦᠯᠦᠨ᠂ ᠡᠪᠡᠳᠴᠢᠨ ᠡᠭᠦᠰᠬᠡᠭᠴᠢ | ᠪᠠᠺᠲ᠋ᠧᠷᠢ ᠶᠢᠨ ᠬᠠᠯᠳᠠᠪᠤᠷᠢᠯᠠᠬᠤ ᠲᠣᠬᠢᠶᠠᠯ ᠢ ᠪᠠᠭᠠᠰᠬᠠᠬᠤ ᠬᠡᠷᠡᠭᠲᠡᠢ᠃ | ᠭᠤᠷᠪᠠ ᠳᠤ᠂ ᠬᠦᠯᠡᠮᠵᠢ ᠶᠢᠨ ᠭᠡᠷᠡᠯ ᠤᠨ ᠲᠤᠰᠤᠯᠲᠠ ᠶᠢ ᠵᠣᠬᠢᠰᠲᠠᠢ ᠨᠡᠮᠡᠭᠳᠡᠭᠦᠯᠵᠦ᠂ ᠤᠷᠭᠤᠮᠠᠯ ᠤᠨ | ᠥᠰᠦᠯᠲᠡ ᠶᠢᠨ ᠳ᠋ᠧᠩ ᠢᠶᠠᠷ ᠭᠡᠷᠡᠯ ᠢ ᠨᠥᠬᠦᠪᠦᠷᠢᠯᠡᠵᠦ᠂ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠨᠡᠮᠡᠭᠳᠡᠭᠦᠯᠵᠦ᠂ | ᠢᠳᠡᠰᠢᠨ ᠨᠣᠭᠤᠭ᠎ᠠ ᠶᠢᠨ ᠬᠦᠯᠡᠮᠵᠢ ᠶᠢᠨ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠬᠦ | ᠬᠡᠷᠡᠭᠲᠡᠢ᠃ | ᠳᠥᠷᠪᠡ ᠳᠤ᠂ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠡᠪᠡᠳᠴᠢᠨ ᠳᠤᠨᠢ ᠲᠠᠭᠠᠷᠠᠭᠤᠯᠵᠤ ᠡᠮ ᠬᠡᠷᠡᠭᠯᠡᠬᠦ | ᠬᠡᠷᠡᠭᠲᠡᠢ᠃ ᠰᠡᠷᠭᠡᠶᠢᠯᠡᠨ ᠵᠠᠰᠠᠬᠤ ᠭᠦᠢᠴᠡᠳᠬᠡᠯ ᠲᠤᠭ᠎ᠠ ᠳᠤ ᠬᠦᠷᠦᠭᠰᠡᠨ ᠲᠠᠷᠢᠶᠠᠨ ᠭᠠᠵᠠᠷ ᠲᠤ ᠪᠣᠷᠣᠭᠠᠨ ᠤ | ᠳᠠᠷᠠᠭᠠᠬᠢ ᠲᠤᠩᠭᠠᠯᠠᠭ ᠰᠠᠶᠢᠬᠠᠨ ᠴᠠᠭ ᠠᠭᠤᠷ ᠢ ᠠᠮᠵᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠵᠠᠰᠠᠬᠤ | ᠠᠵᠢᠯ ᠢ ᠴᠠᠭ ᠲᠤᠬᠠᠢ ᠳᠤᠨᠢ ᠥᠷᠨᠢᠭᠦᠯᠬᠦ ᠬᠡᠷᠡᠭᠲᠡᠢ᠃ ᠲᠣᠮᠣ ᠲᠣᠯᠪᠣᠲᠤ ᠡᠪᠡᠳᠴᠢᠨ᠂ ᠵᠢᠵᠢᠭ ᠲᠣᠯᠪᠣᠲᠤ | ᠡᠪᠡᠳᠴᠢᠨ᠂ ᠴᠠᠭᠠᠨ ᠬᠥᠭᠡᠴᠦ ᠶᠢᠨ ᠡᠪᠡᠳᠴᠢᠨ᠂ ᠬᠢᠵᠢᠭ ᠡᠪᠡᠳᠴᠢᠨ᠂ ᠪᠣᠭᠤᠮ᠎ᠠ ᠡᠪᠡᠳᠴᠢᠨ ᠵᠡᠷᠭᠡ ᠵᠢᠩᠭᠢᠨᠢ | ᠮᠥᠭᠦᠨᠴᠢᠷ ᠴᠢᠨᠠᠷᠲᠠᠢ ᠡᠪᠡᠳᠴᠢᠨ ᠤ ᠬᠥᠨᠥᠭᠡᠯ ᠳᠤ ᠴᠢᠭᠯᠡᠭᠦᠯᠦᠨ᠂ ᠫᠢᠷᠠᠽᠤᠯ ᠡᠲ᠋ᠧᠷ ᠤᠨ ᠪᠠᠺᠲ᠋ᠧᠷᠢ ᠶᠢᠨ ᠡᠰᠲ᠋ᠧᠷ᠂ | ᠤᠯᠠᠭᠠᠨ ᠴᠠᠭᠠᠷᠢᠭ ᠫᠢᠷᠢᠮᠢᠳᠢᠨ ᠪᠠᠺᠲ᠋ᠧᠷᠢ ᠶᠢᠨ ᠡᠰᠲ᠋ᠧᠷ᠂ ᠫᠧᠨ᠋ᠲ᠋ᠠᠽᠤᠯ ᠠᠯᠺᠣᠣᠯ᠂ ᠹᠧᠨᠢᠯ ᠡᠲ᠋ᠧᠷ ᠤᠨ ᠮᠧᠲ᠋ᠢᠯ | ᠴᠠᠭᠠᠷᠢᠭ ᠠᠽᠤᠯ ᠵᠡᠷᠭᠡ ᠡᠮ ᠢ ᠰᠣᠩᠭᠤᠨ ᠬᠡᠷᠡᠭᠯᠡᠵᠦ ᠰᠡᠷᠭᠡᠶᠢᠯᠡᠨ ᠵᠠᠰᠠᠵᠤ ᠪᠣᠯᠣᠨ᠎ᠠ︔ ᠵᠦᠭᠡᠯᠡᠨ ᠢᠯᠵᠢᠷᠡᠬᠦ | ᠡᠪᠡᠳᠴᠢᠨ᠂ ᠪᠠᠺᠲ᠋ᠧᠷᠢ ᠶᠢᠨ ᠴᠢᠨᠠᠷᠲᠠᠢ ᠡᠪᠡᠷᠯᠢᠭ ᠲᠣᠯᠪᠣᠲᠤ ᠡᠪᠡᠳᠴᠢᠨ ᠵᠡᠷᠭᠡ ᠪᠠᠺᠲ᠋ᠧᠷᠢ ᠶᠢᠨ ᠴᠢᠨᠠᠷᠲᠠᠢ | ᠡᠪᠡᠳᠴᠢᠨ ᠤ ᠬᠥᠨᠥᠭᠡᠯ ᠳᠤ ᠴᠢᠭᠯᠡᠭᠦᠯᠦᠨ᠂ ᠫᠢᠷᠢᠮᠢᠳᠢᠨ ᠪᠥᠭᠡᠮ ᠤᠨ ᠭᠯᠢᠺᠣᠰᠢᠳ᠋ ᠤᠨ ᠲᠥᠷᠥᠯ ᠤᠨ ᠪᠠᠺᠲ᠋ᠧᠷᠢ | ᠡᠰᠡᠷᠭᠦᠴᠡᠬᠦ ᠡᠳ᠋᠂ ᠵᠢᠩ ᠭᠠᠩ ᠮᠧᠶ ᠰᠦ᠂ ᠵᠡᠰ ᠨᠠᠶᠢᠷᠠᠯᠠᠭ᠎ᠠ ᠵᠡᠷᠭᠡ ᠡᠮ ᠢ ᠰᠣᠩᠭᠤᠵᠤ ᠰᠡᠷᠭᠡᠶᠢᠯᠡᠨ ᠵᠠᠰᠠᠵᠤ | ᠪᠣᠯᠣᠨ᠎ᠠ︔ ᠨᠡᠭᠦᠳᠡᠯ ᠤᠨ ᠴᠢᠨᠠᠷᠲᠠᠢ ᠬᠤᠣᠷᠲᠤ ᠬᠤᠷᠣᠬᠠᠢ ᠳᠤ ᠴᠢᠭᠯᠡᠭᠦᠯᠦᠨ᠂ ᠾᠯᠣᠷᠲᠤ ᠬᠤᠷᠣᠬᠠᠢ ᠶᠢᠨ ᠪᠧᠨ᠋ᠽᠢᠯ | ᠠᠮᠢᠳ᠋᠂ ᠮᠧᠲ᠋ᠢᠯ ᠸᠢᠲ᠋ᠠᠮᠢᠨ ᠳᠠᠪᠤᠰᠤ ᠵᠡᠷᠭᠡ ᠡᠮ ᠢ ᠰᠣᠩᠭᠤᠨ ᠬᠡᠷᠡᠭᠯᠡᠵᠦ ᠰᠡᠷᠭᠡᠶᠢᠯᠡᠨ ᠵᠠᠰᠠᠵᠤ ᠪᠣᠯᠣᠨ᠎ᠠ᠃ ᠡᠮ | ᠬᠡᠷᠡᠭᠯᠡᠬᠦ ᠳᠡᠭᠡᠨ ᠡᠭᠡᠯᠵᠢᠯᠡᠨ ᠡᠮ ᠬᠡᠷᠡᠭᠯᠡᠬᠦ ᠪᠠ ᠡᠮ ᠬᠡᠷᠡᠭᠯᠡᠬᠦ ᠶᠢᠨ ᠠᠶᠤᠯ ᠦᠭᠡᠢ ᠶᠢᠨ ᠵᠠᠪᠰᠠᠷᠯᠠᠬᠤ | ᠬᠤᠭᠤᠴᠠᠭ᠎ᠠ ᠶᠢ ᠠᠩᠬᠠᠷᠬᠤ ᠬᠡᠷᠡᠭᠲᠡᠢ᠃ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠭᠢᠮ ᠤᠨ ᠮᠤᠩᠭᠤᠯ ᠰᠦᠯᠵᠢᠶ᠎ᠡ |