| ᠡᠪᠦᠯ ᠤᠨ ᠡᠳᠦᠷ᠂ ᠮᠠᠨ ᠤ ᠬᠤᠲᠠ ᠶᠢᠨ ᠡᠯ᠎ᠡ ᠨᠡᠶᠢᠭᠡᠮ ᠲᠣᠭᠤᠷᠢᠭ ᠤᠨ ᠰᠢᠷᠢᠰ ᠰᠣᠶᠣᠯ ᠪᠡᠶ᠎ᠡ ᠶᠢᠨ ᠲᠠᠮᠢᠷ | ᠰᠣᠶᠣᠯ ᠤᠨ ᠠᠵᠢᠯᠯᠠᠭ᠎ᠠ ᠡᠳᠦᠷ ᠢᠷᠡᠬᠦᠶ᠎ᠡ ᠬᠥᠭᠵᠢᠶᠡᠨ ᠲᠠᠢ ᠪᠣᠯᠵᠤ᠂ ᠦᠢ ᠣᠯᠠᠨ ᠰᠠᠭᠤᠭᠠᠯᠢ ᠠᠷᠠᠳ ᠢ | ᠢᠳᠡᠪᠬᠢᠲᠡᠢ ᠣᠷᠣᠯᠴᠠᠭᠤᠯᠵᠤ᠂ ᠨᠡᠶᠢᠭᠡᠮ ᠲᠣᠭᠤᠷᠢᠭ ᠲᠤ ᠥᠨᠢᠷ ᠥᠳᠬᠡᠨ ᠠᠮᠢᠳᠤᠷᠠᠯ ᠤᠨ ᠠᠭᠤᠷ ᠠᠮᠢᠰᠬᠤᠯ ᠢ | ᠨᠡᠮᠡᠷᠢᠯᠡᠭᠰᠡᠨ ᠪᠠᠶᠢᠨ᠎ᠠ᠃ | | ᠬᠥᠳᠡᠯᠭᠡᠭᠡᠨ ᠤ ᠠᠬᠤᠢ ᠲᠠᠯᠠᠪᠠᠶ ᠳᠤ ᠣᠷᠣᠬᠤ ᠳᠤ᠂ ᠬᠥᠷ ᠨᠠᠷᠭᠢᠶᠠᠨ ᠢᠶᠠᠷ ᠪᠢᠯᠬᠠᠵᠤ᠂ ᠫᠢᠩᠫᠠᠩ | ᠪᠥᠮᠪᠦᠭᠡ ᠶᠢᠨ ᠲᠣᠭᠤᠷᠢᠭ ᠲᠤ᠂ ᠴᠠᠭᠠᠨ ᠵᠢᠵᠢᠭ ᠪᠥᠮᠪᠦᠭᠡ ᠰᠢᠷᠡᠭᠡᠨ ᠳᠡᠭᠡᠷ᠎ᠡ ᠨᠠᠭᠠᠰᠢ ᠴᠠᠭᠠᠰᠢ ᠳᠠᠪᠬᠢᠵᠤ᠂ | ᠰᠠᠭᠤᠭᠠᠯᠢ ᠠᠷᠠᠳ ᠤᠨ ᠪᠡᠶ᠎ᠡ ᠭᠠᠯᠪᠢᠷ ᠢᠳᠡᠷᠡᠭᠦᠨ᠂ ᠠᠯᠬᠤᠭ᠎ᠠ ᠠᠮᠢᠳᠤᠯᠢᠭ ᠪᠠᠶᠢᠯ᠎ᠠ᠃ ᠴᠢᠴᠢᠭᠦᠷ ᠪᠥᠮᠪᠦᠭᠡ ᠶᠢᠨ | ᠲᠣᠭᠤᠷᠢᠭ ᠲᠤ ᠳᠤᠷ᠎ᠠ ᠪᠠᠭ᠋ᠠᠲᠠᠢ ᠬᠥᠮᠥᠰ ᠰᠡᠳᠬᠢᠯ ᠰᠠᠨᠠᠭ᠎ᠠ ᠠᠮᠤᠷ ᠪᠠᠶᠢᠵᠤ᠂ ᠴᠣᠬᠢᠭᠤᠷ ᠢᠶᠠᠷ ᠣᠨᠢᠯᠠᠵᠤ᠂ ᠤᠷᠠᠨ | ᠨᠠᠷᠢᠯᠢᠭ ᠪᠥᠮᠪᠥᠭᠡᠨ ᠮᠡᠷᠭᠡᠵᠢᠯ ᠢᠶᠠᠷ ᠢᠶᠠᠨ ᠥᠩᠭᠡᠲᠦ ᠪᠥᠮᠪᠦᠭᠡ ᠶᠢᠨ ᠨᠠᠷᠢᠯᠢᠭ ᠤᠭᠤᠲᠠᠨ ᠳᠤ ᠣᠷᠣᠬᠤ ᠶᠢ | ᠠᠩᠬᠠᠷᠤᠨ᠎ᠠ᠃ ᠰᠢ ᠵᠦᠴᠦᠭᠡ ᠶᠢᠨ ᠪᠦᠵᠢᠭ ᠤᠨ ᠲᠠᠶᠢᠰᠠ ᠨᠢ ᠨᠠᠩ ᠴᠤ ᠪᠠᠶᠠᠷᠳᠤ ᠠᠭᠤᠷ ᠠᠮᠢᠰᠬᠤᠯ ᠢᠶᠠᠷ | ᠪᠢᠯᠬᠠᠵᠤ᠂ ᠲᠤᠰᠬᠠᠢ ᠮᠡᠷᠭᠡᠵᠢᠯ ᠢᠶᠠᠷ ᠲᠣᠭᠯᠠᠭᠰᠠᠨ ᠰᠢ ᠳᠠᠭᠤᠷᠢᠯᠢᠭ ᠲᠤ ᠪᠠᠭ᠋ᠠᠲᠠᠢ ᠬᠦᠮᠦᠰ ᠬᠤᠭᠤᠯᠠᠢ ᠪᠠᠨ ᠳᠡᠯᠭᠡᠨ᠂ | ᠰᠣᠩᠭᠤᠳᠠᠭ ᠳᠠᠭᠤᠯᠠᠯ ᠤᠨ ᠬᠡᠰᠡᠭ ᠨᠢ ᠢᠷᠠᠭᠤ ᠤᠶᠠᠩᠭᠠᠯᠢᠭ᠂ ᠦᠭᠡ ᠨᠢ ᠲᠥᠪ ᠠᠶᠠᠯᠭᠤ ᠨᠢ ᠲᠥᠭᠦᠷᠢᠭ ᠪᠠᠶᠢᠵᠤ | ᠠᠬᠠᠮᠠᠳ ᠨᠢᠭᠡ ᠦᠶ᠎ᠡ ᠶᠢᠨ ᠬᠥᠮᠥᠰ ᠤᠨ ᠭᠦᠨ ᠭᠦᠨᠵᠡᠭᠡᠢ ᠡᠷᠭᠢᠴᠡᠭᠦᠯᠦᠯ ᠢ ᠰᠡᠷᠭᠦᠭᠡᠨ᠎ᠡ᠃ ᠤᠷᠠᠨ ᠪᠢᠴᠢᠯᠭᠡ | ᠤᠷᠠᠨ ᠵᠢᠷᠤᠭ ᠤᠨ ᠲᠤᠰᠬᠠᠢ ᠣᠷᠣᠨ ᠳᠤ ᠪᠡᠭᠡ ᠶᠢᠨ ᠦᠨᠦᠷ ᠬᠠᠩᠬᠤᠯᠵᠤ᠂ ᠤᠷᠠᠨ ᠪᠢᠴᠢᠯᠭᠡ ᠳᠤ ᠪᠠᠭ᠋ᠠᠳᠠᠢ | ᠬᠦᠮᠦᠰ ᠪᠢᠴᠢᠬᠠᠨ ᠨᠠᠶᠢᠵᠠ ᠨᠠᠷ ᠲᠠᠢ ᠪᠠᠨ ᠨᠢᠭᠡ ᠲᠢᠩᠭᠢᠮ ᠳᠤ ᠴᠤᠭᠯᠠᠷᠠᠨ᠂ ᠪᠢᠷ ᠤᠨ ᠦᠵᠦᠭᠦᠷ ᠢᠶᠠᠨ | ᠬᠤᠷᠤᠶᠢᠯᠠᠵᠤ᠂ ᠢᠳᠡᠷᠡᠭᠦᠨ ᠳᠣᠷᠪᠢᠲᠠᠢ᠂ ᠤᠶᠠᠨ ᠬᠠᠲᠠᠨ ᠤᠷᠠᠨ ᠪᠢᠴᠢᠯᠭᠡ ᠶᠢᠨ ᠪᠦᠲᠦᠭᠡᠯ ᠤᠳ ᠢ ᠪᠢᠴᠢᠭᠯᠡᠨ᠎ᠡ᠃ | | | | | | ᠨᠡᠶᠢᠭᠡᠮ ᠲᠣᠭᠤᠷᠢᠭ ᠤᠨ ᠡᠯ᠎ᠡ ᠲᠦᠷᠦᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠦᠭᠰᠡᠨ | ᠨᠢ ᠪᠡᠶ᠎ᠡ ᠰᠡᠳᠬᠢᠯ ᠢ ᠪᠠᠶᠠᠰᠬᠠᠵᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠣᠶᠢᠷᠠᠲᠤᠭᠤᠯᠤᠭᠰᠠᠨ ᠢᠶᠠᠷ ᠪᠠᠷᠠᠬᠤ | ᠦᠭᠡᠢ ᠪᠠᠰᠠ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠶ᠎ᠡ | ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ | ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠣᠯ ᠵᠢᠷᠭᠠᠯ ᠤᠨ ᠭᠡᠷ ᠤᠨ ᠡᠭᠦᠳᠡᠨ ᠳᠤ | ᠦᠷᠭᠦᠯᠵᠢᠯᠡᠨ ᠬᠠᠯᠠᠭᠤᠨ ᠠᠭᠤᠷ ᠠᠮᠢᠰᠬᠤᠯ ᠢ ᠨᠡᠮᠡᠭᠳᠡᠭᠦᠯᠦᠭᠰᠡᠨ ᠪᠠᠶᠢᠨ᠎ᠠ᠃ | | | | ᠵᠣᠬᠢᠶᠠᠭᠴᠢ᠄ ᠪᠠᠢ ᠯᠢ ᠨᠠ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |