ᠹᠧᠩᠵᠧᠨ ᠬᠤᠲᠠ ᠶᠢᠨ ᠬᠢᠨ ᠣᠶᠤᠨᠴᠢ ᠲᠠᠷᠢᠶᠠᠯᠠᠩ ᠢ ᠶᠡᠬᠡᠪᠡᠷ ᠬᠥᠭᠵᠢᠭᠦᠯᠵᠦ ︽ᠵᠢᠵᠢᠭ ᠲᠥᠪᠡᠳ ᠬᠠᠰᠢ ︾ ᠪᠠᠷ ︽ᠶᠡᠭᠡ ᠣᠶᠤᠨ ᠤᠬᠠᠭᠠᠨ︾ ᠢ ᠳᠠᠷᠢᠭᠤᠯᠪᠠ
ᠨᠡᠶᠢᠲᠡᠯᠡᠭᠰᠡᠨ ᠴᠠᠭ᠄
2024/12/5
   ᠹᠧᠩᠵᠧᠨ ᠬᠤᠳᠠ ᠶᠢᠨ ᠬᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠪᠣᠬᠢᠷᠲᠤᠯ ᠦᠭᠡᠢ ᠣᠷᠭᠠᠨᠢᠭ ᠲᠠᠷᠢᠮᠠᠯ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃  
   ᠹᠧᠩᠵᠧᠨ ᠬᠤᠲᠠ ᠶᠢᠨ ᠵᠢᠦᠢ ᠪᠦᠦ ᠵᠤᠸᠠᠩ ᠪᠠᠯᠭᠠᠰᠤ ᠶᠢᠨ ᠳ᠋ᠠ ᠷᠧᠨ ︵ᠥᠪᠥᠷ ᠮᠣᠩᠭᠤᠯ︶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠪᠡᠳ ᠬᠠᠰᠢ ᠶᠢᠨ ᠵᠢᠵᠢᠭ ᠪᠠᠯᠭᠠᠰᠤᠨ ᠤ ᠵᠢᠱᠢᠶ᠎ᠡ ᠦᠵᠡᠭᠦᠯᠬᠦ ᠬᠦᠷᠢᠶᠡᠯᠡᠩ ᠳᠤ ᠬᠦᠷᠬᠦ ᠳᠤ᠂ ᠨᠢᠳᠦᠨ ᠡᠮᠦᠨ᠎ᠡ ᠬᠦᠪᠡᠭᠡ ᠬᠢᠵᠠᠭᠠᠷ ᠦᠭᠡᠢ ᠨᠣᠭᠤᠭᠠᠨ ᠥᠩᠭᠡ ᠲᠠᠢ ︽ᠥᠳᠬᠡᠨ ᠤᠢ︾ ᠬᠠᠷᠠᠭᠳᠠᠨ᠎ᠠ᠃ ᠠᠵᠢᠯᠴᠢᠳ ᠶᠠᠭ ᠲᠡᠭᠦᠨ ᠤ ᠳᠤᠮᠳᠠᠭᠤᠷ ᠰᠦᠯᠵᠢᠯᠳᠦᠨ᠂ ᠲᠥᠪᠡᠳ ᠬᠠᠰᠢ ᠲᠡᠭᠦᠬᠦ᠂ ᠰᠠᠯᠠᠭᠠᠳᠠᠬᠤ᠂ ᠵᠡᠯᠡ ᠵᠠᠰᠠᠨ ᠶᠠᠭᠠᠷᠠᠬᠤ ᠨᠢ ᠮᠥᠨ ᠴᠦ ᠨᠢᠭᠡᠨ ᠪᠠᠶᠠᠷ ᠲᠠᠢ ᠶᠠᠪᠤᠳᠠᠯ ᠪᠠᠶᠢᠯ᠎ᠠ᠃ ᠲᠣᠰ ᠺᠣᠮᠫᠠᠨᠢ ᠶᠢᠨ ᠬᠢᠨ ᠲᠥᠪᠡᠳ ᠬᠠᠰᠢ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠪᠠ ᠳᠠᠷᠢᠬᠤ ᠮᠡᠷᠭᠡᠵᠢᠯ ᠤᠨ ᠳᠠᠪᠠᠭᠤᠯᠢᠭ ᠲᠠᠭᠠᠨ ᠲᠦᠰᠢᠭᠯᠡᠨ᠂ ᠲᠥᠪᠡᠳ ᠬᠠᠰᠢ ᠳᠠᠷᠢᠬᠤ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠴᠢᠨᠠᠷ ᠴᠢᠨᠰᠠᠭ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃
   ᠳ᠋ᠠ ᠷᠧᠨ ︵ᠥᠪᠥᠷ ᠮᠣᠩᠭᠤᠯ︶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠹᠧᠩᠵᠧᠨ ᠬᠤᠲᠠ ᠶᠢᠨ ᠣᠷᠣᠭᠤᠯᠤᠨ ᠠᠪᠴᠢᠷᠠᠭᠰᠠᠨ ᠲᠥᠬᠦᠭᠡᠷᠦᠮᠵᠢᠲᠦ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠪᠠᠷ ᠬᠥᠲᠥᠯᠥᠨ ᠳᠠᠭᠠᠭᠤᠯᠵᠤ᠂ ᠲᠠᠷᠢᠶᠠᠯᠠᠩ ᠤᠨ ︽ᠣᠨᠴᠠᠭᠠᠢ᠂ ᠰᠢᠯᠢᠳᠡᠭ︾ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ ᠲᠥᠪᠡᠳ ᠬᠠᠰᠢ ᠶᠢᠨ ᠵᠢᠵᠢᠭ ᠪᠠᠯᠭᠠᠰᠤᠨ ᠤ ᠵᠢᠱᠢᠶ᠎ᠡ ᠦᠵᠡᠭᠦᠯᠬᠦ ᠬᠦᠷᠢᠶᠡᠯᠡᠩ ᠢ ᠬᠦᠴᠦᠯᠡᠨ ᠪᠠᠶᠢᠭᠤᠯᠵᠤ᠂ ᠲᠥᠪᠡᠳ ᠬᠠᠰᠢ ᠲᠠᠷᠢᠬᠤ ᠮᠡᠷᠭᠡᠵᠢᠯ ᠢ ᠬᠠᠶᠢᠨ ᠰᠦᠪᠡᠭᠴᠢᠯᠡᠵᠦ᠂ ᠲᠥᠪᠡᠳ ᠬᠠᠰᠢ ᠲᠠᠷᠢᠬᠤ ᠶᠠᠰᠤ ᠴᠢᠨᠠᠷ ᠢ ᠳᠡᠭᠡᠭᠰᠢᠯᠡᠭᠦᠯᠪᠡ᠃ ᠵᠢᠱᠢᠶ᠎ᠡ ᠦᠵᠡᠭᠦᠯᠬᠦ ᠬᠦᠷᠢᠶᠡᠯᠡᠩ ᠳᠤ ᠲᠣᠮᠣ ᠫᠧᠩ ᠤᠨ ᠲᠣᠭᠠᠵᠢᠭᠤᠯᠬᠤ᠂ ᠣᠶᠤᠨᠴᠢᠯᠠᠭᠰᠠᠨ ᠰᠦᠯᠵᠢᠶᠡᠵᠢᠭᠦᠯᠦᠨ ᠡᠵᠡᠮᠳᠡᠬᠦ ᠰᠢᠰᠲ᠋ᠧᠮ ᠢ ᠲᠣᠬᠢᠷᠠᠭᠤᠯᠵᠤ᠂ ᠰᠦᠯᠵᠢᠶᠡᠵᠢᠭᠦᠯᠬᠦ ᠮᠡᠷᠭᠡᠵᠢᠯ ᠢ ᠬᠡᠷᠡᠭᠯᠡᠨ ᠲᠣᠮᠣ ᠫᠧᠩ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠴᠤᠭᠯᠠᠭᠤᠯᠬᠤ ᠶᠢ ᠪᠡᠶᠡᠯᠡᠭᠦᠯᠬᠦ ᠶᠢᠨ ᠬᠠᠮᠲᠤ ᠣᠶᠤᠨᠲᠤ ᠤᠰᠤ ᠪᠣᠷᠳᠣᠭᠤᠷ ᠤᠨ ᠨᠢᠭᠡ ᠴᠣᠭᠴᠠᠲᠤ ᠮᠠᠰᠢᠨ᠂ ᠨᠡᠷᠡᠨ ᠡᠨᠧᠷᠭᠢ ᠶᠢᠨ ᠳᠠᠭᠠᠯᠲᠠ ᠢᠯᠴᠢ ᠶᠢᠨ ᠰᠢᠰᠲ᠋ᠧᠮ ᠢ ᠲᠣᠬᠢᠷᠠᠭᠤᠯᠵᠤ᠂ ᠲᠠᠷᠢᠮᠠᠯ ᠢ ᠨᠠᠩ ᠰᠢᠨᠵᠢᠯᠡᠬᠦ ᠤᠬᠠᠭᠠᠨᠴᠢᠯᠠᠬᠤ᠂ ᠥᠨᠳᠥᠷ ᠠᠰᠢᠭᠯᠠᠮᠵᠢᠵᠢᠭᠤᠯᠬᠤ᠂ ᠰᠢᠰᠲ᠋ᠧᠮᠵᠢᠭᠦᠯᠬᠦ ᠶᠢ ᠪᠡᠶᠡᠯᠡᠭᠦᠯᠪᠡ᠃
   ᠣᠶᠢᠷ᠎ᠠ ᠶᠢᠨ ᠵᠢᠯ ᠠᠴᠠ ᠨᠠᠭᠠᠰᠢ᠂ ᠹᠧᠩᠵᠧᠨ ᠬᠤᠳᠠ ᠶᠢᠨ ᠬᠢᠨ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠲᠠᠷᠢᠮᠠᠯ ᠢᠶᠠᠷ ᠤᠳᠤᠷᠢᠳᠤᠮᠵᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠰᠢᠨ᠎ᠡ ᠡᠭᠦᠯᠳᠡᠷ ᠢ ᠳᠠᠰᠤᠷᠠᠯᠳᠠ ᠦᠭᠡᠢ ᠣᠷᠣᠭᠤᠯᠤᠨ ᠠᠪᠴᠢᠷᠠᠵᠤ᠂ ᠲᠠᠷᠢᠮᠠᠯ ᠤᠨ ᠰᠢᠨ᠎ᠡ ᠮᠡᠷᠭᠡᠵᠢᠯ ᠢ ᠰᠠᠶᠢᠵᠢᠷᠠᠭᠤᠯᠵᠤ᠂ ᠲᠠᠷᠢᠶᠠᠯᠠᠩ ᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠬᠥᠭᠵᠢᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂  ᠹᠧᠩᠵᠧᠨ ᠬᠤᠳᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠢ  ᠨᠡᠮᠡᠷᠢᠯᠡᠪᠡ᠃       ᠵᠣᠬᠢᠶᠠᠭᠴᠢ᠄ ᠬᠤᠤ ᠴᠧᠨ ᠹᠧᠩ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3