| ᠮᠠᠨ ᠤ ᠬᠤᠲᠠ ᠶᠢᠨ ᠬᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠠᠩᠬᠠᠷᠤᠯ ᠢᠶᠠᠨ ᠲᠥᠪᠯᠡᠷᠡᠭᠦᠯᠵᠦ᠂ | ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠰᠠᠭᠤᠷᠢᠯᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠯ ᠪᠣᠯᠭᠠᠵᠤ᠂ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ | ᠣᠳᠣᠬᠢᠴᠢᠯᠠᠯᠲᠠ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ | ᠪᠠᠶᠢᠨ᠎ᠠ᠃ | | ᠣᠶᠢᠷ᠎ᠠ ᠳᠤ᠂ ᠰᠤᠷᠪᠤᠯᠵᠢᠯᠠᠭᠴᠢ ᠯᠢᠦᠢ ᠺᠠᠩ ᠶᠤᠸᠠᠨ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠣᠷᠭᠠᠨᠢᠭ ᠪᠡᠯᠡᠳᠬᠡᠮᠵᠢᠲᠦ ᠢᠳᠡᠰᠢᠨ ᠨᠣᠭᠤᠭ᠎ᠠ ᠡᠯᠪᠡᠭ ᠬᠤᠷᠢᠶᠠᠯᠲᠠ | ᠣᠯᠬᠤ ᠤᠯᠠᠷᠢᠯ ᠪᠣᠯᠵᠤ᠂ ᠢᠳᠡᠰᠢᠨ ᠨᠣᠭᠤᠭᠠᠨ ᠤ ᠬᠦᠯᠡᠮᠵᠢ ᠳᠤ ᠶᠠᠭᠠᠷᠠᠯᠲᠠᠢ ᠪᠠᠶᠢᠳᠠᠯ ᠢ ᠣᠶᠢᠯᠠᠭᠠᠪᠠ᠃ | ᠥᠷᠭᠡᠰᠦᠲᠦ ᠬᠡᠮᠬᠡ᠂ ᠪᠤᠷᠴᠠᠭ᠂ ᠲᠣᠰᠣᠯᠢᠭ ᠨᠣᠭᠤᠭ᠎ᠠ ᠵᠡᠷᠭᠡ ᠡᠯ᠎ᠡ ᠲᠥᠷᠥᠯ ᠤᠨ ᠢᠳᠡᠰᠢᠨ ᠨᠣᠭᠤᠭ᠎ᠠ ᠶᠢ ᠶᠠᠰᠤ | ᠴᠢᠨᠠᠷ ᠢ ᠴᠢᠩᠭ᠎ᠠ ᠡᠵᠡᠮᠳᠡᠬᠦ ᠪᠠ ᠡᠳ᠋ ᠪᠠᠷᠠᠭᠠᠨ ᠤ ᠭᠦᠢᠯᠭᠡᠭᠡᠨ ᠤ ᠥᠨᠳᠥᠷ ᠪᠦᠲᠦᠮᠵᠢᠲᠡᠶ ᠲᠣᠬᠢᠷᠠᠭᠤᠯᠤᠨ ᠬᠦᠷᠭᠡᠬᠦ | ᠰᠢᠰᠲ᠋ᠧᠮ ᠤᠨ ᠪᠠᠲᠤᠯᠠᠭ᠎ᠠ ᠳᠣᠣᠷ᠎ᠠ᠂ ᠲᠠᠷᠢᠶᠠᠨ ᠭᠠᠵᠠᠷ ᠠᠴᠠ ᠡᠯ᠎ᠡ ᠭᠠᠵᠠᠷ ᠤᠨ ᠵᠠᠬ᠎ᠠ ᠳᠡᠯᠭᠡᠭᠦᠷ ᠲᠤ ᠦᠳᠲᠡᠷ | ᠲᠦᠷᠭᠡᠨ ᠬᠦᠷᠭᠡᠵᠦ᠂ ᠬᠡᠷᠡᠭᠯᠡᠭᠴᠢᠳ ᠤᠨ ᠬᠦᠷᠢᠶᠡᠯᠡᠯ ᠢ ᠶᠡᠬᠡᠳᠡ ᠤᠯᠪᠠ᠃ | | ᠯᠢᠦᠢ ᠺᠠᠩ ᠶᠤᠸᠠᠨ ᠤ ᠬᠦᠯᠡᠮᠵᠢ ᠳᠤ ᠲᠡᠷᠢ ᠲᠡᠭᠰᠢ ᠵᠢᠭᠰᠠᠵᠤ᠂ ᠬᠦᠯᠡᠮᠵᠢ ᠳᠤ ᠡᠯ᠎ᠡ ᠲᠦᠷᠦᠯ ᠤᠨ ᠢᠳᠡᠰᠢᠨ | ᠨᠣᠭᠤᠭ᠎ᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠲᠡᠷᠢᠭᠦᠨ ᠤ ᠲᠥᠬᠦᠭᠡᠷᠦᠮᠵᠢ ᠶᠢᠨ ᠲᠠᠷᠢᠶᠠᠯᠠᠩ ᠤᠨ ᠮᠡᠷᠭᠡᠵᠢᠯ ᠢ ᠠᠰᠢᠭᠯᠠᠨ᠂ ᠢᠳᠡᠰᠢᠨ | ᠨᠣᠭᠤᠭ᠎ᠠ ᠶᠢᠨ ᠤᠷᠭᠤᠯᠲᠠ ᠶᠢ ᠪᠠᠶᠢᠭᠠᠯᠢ ᠶᠢᠨ ᠠᠭᠤᠷ ᠠᠮᠢᠰᠬᠤᠯ ᠤᠨ ᠬᠦᠯᠢᠶᠡᠰᠦᠯᠡᠯ ᠠᠴᠠ ᠠᠩᠭᠢᠵᠢᠷᠠᠭᠤᠯᠵᠤ᠂ | ᠳᠥᠷᠪᠡᠨ ᠤᠯᠠᠷᠢᠯ ᠳᠤ ᠲᠠᠰᠤᠷᠠᠯᠲᠠ ᠦᠭᠡᠢ ᠭᠠᠷᠤᠯᠲᠠ ᠲᠠᠢ ᠪᠠᠶᠢᠬᠤ ᠮᠦᠷᠳᠡᠭᠡᠨ᠂ ᠪᠥᠬᠦ ᠶᠠᠪᠤᠴᠠ ᠳᠤ | ᠣᠷᠭᠠᠨᠢᠭ ᠢᠶᠠᠷ ᠳᠠᠷᠢᠬᠤ ᠪᠣᠭᠤᠮᠲᠠ ᠶᠢ ᠴᠢᠩᠭ᠎ᠠ ᠠᠳᠬᠤᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ | ᠦᠭᠡᠢ ᠪᠠᠶᠢᠵᠤ᠂ ᠨᠣᠭᠤᠭ᠎ᠠ ᠶᠢᠨ ᠵᠦᠢᠯ ᠤᠨ ᠴᠡᠪᠡᠷ ᠪᠠᠶᠢᠭᠠᠯᠢᠯᠢᠭ᠂ ᠠᠮᠲᠠ ᠰᠠᠶᠢᠲᠠᠢ᠂ ᠰᠢᠮ᠎ᠡ ᠲᠡᠵᠢᠭᠡᠯ ᠡᠯᠪᠡᠭ | ᠪᠠᠶᠢᠬᠤ ᠶᠢ ᠦᠨᠡᠨᠬᠦ ᠪᠠᠲᠤᠯᠠᠵᠤ᠂ ᠣᠳᠣᠬᠠᠨ ᠤ ᠬᠡᠷᠡᠭᠯᠡᠭᠴᠢᠳ ᠤᠨ ᠡᠷᠡᠭᠦᠯ ᠮᠡᠨᠳᠦ ᠶᠢᠨ ᠢᠳᠡᠭᠡᠨ ᠤ | ᠮᠠᠲ᠋ᠧᠷᠢᠶᠠᠯ ᠤᠨ ᠬᠥᠭᠡᠭᠡᠴᠡᠯᠳᠦᠯ ᠳᠤ ᠨᠡᠶᠢᠴᠡᠭᠦᠯᠦᠨ᠎ᠡ᠃ | | ᠮᠠᠨ ᠤ ᠬᠤᠲᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠨᠢ ᠶᠠᠭ ᠠᠯᠬᠤᠮ | ᠠᠯᠬᠤᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠪᠣᠯᠵᠤ᠂ | ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ | ᠢᠷᠡᠭᠡᠳᠦᠢ ᠳᠤ ᠤᠯᠠᠮ ᠨᠢᠭᠡ ᠠᠯᠬᠤᠮ ᠬᠡᠪᠴᠢᠶ᠎ᠡ ᠪᠠᠨ ᠥᠷᠭᠡᠳᠬᠡᠨ᠂ ᠨᠠᠷᠠᠲᠤ ᠲᠡᠮᠳᠡᠭ ᠤᠨ ᠠᠯᠳᠠᠷᠰᠢᠯ ᠢᠶᠠᠨ | ᠳᠡᠭᠡᠭᠰᠢᠯᠡᠭᠦᠯᠵᠦ᠂ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠶᠢ ᠥᠷᠭᠡᠳᠬᠡᠨ᠂ ᠨᠠᠩ ᠣᠯᠠᠨ | ᠴᠢᠨᠠᠷ ᠰᠠᠶᠢᠲᠠᠢ ᠢᠳᠡᠰᠢᠨ ᠨᠣᠭᠤᠭ᠎ᠠ ᠶᠢ ᠠᠷᠠᠳ ᠤᠨ ᠬᠤᠭᠤᠯᠠᠨ ᠰᠢᠷᠡᠭᠡᠨ ᠳᠤ ᠭᠠᠷᠭᠠᠬᠤ ᠪᠣᠯᠣᠮᠵᠢ ᠲᠠᠢ ᠪᠤᠯᠭᠠᠪᠠ᠃ | | | ᠵᠣᠬᠢᠶᠠᠭᠴᠢ᠄ ᠪᠠᠢ ᠯᠢ ᠨᠠ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |