︽ᠣᠳᠣᠬᠢᠴᠢᠯᠠᠯᠲᠠ ᠶᠢ ᠵᠠᠩᠭᠢᠳᠴᠦ ᠥᠭᠡᠷᠡᠴᠢᠯᠡᠯᠲᠡ ᠶᠢ ᠲᠠᠬᠢᠨ ᠭᠦᠨᠵᠡᠭᠡᠶᠢᠷᠡᠭᠦᠯᠦᠨ᠎ᠡ︾
ᠨᠡᠶᠢᠲᠡᠯᠡᠭᠰᠡᠨ ᠴᠠᠭ᠄
2024/12/5
           —— ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠦᠢᠯᠡᠴᠢᠯᠡᠭᠡ ᠶᠢ ᠰᠢᠯᠢᠳᠡᠭᠵᠢᠬᠦᠯᠦᠨ ᠬᠡᠷᠡᠭᠵᠢᠭᠦᠯᠵᠦ  ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠴᠢᠳᠠᠪᠦᠷᠢ ᠤᠯᠭᠤᠨ᠎ᠠ    ᠮᠠᠨ ᠤ ᠬᠤᠲᠠ ᠶᠢᠨ ᠬᠢᠨ ︽ᠲᠠᠯᠪᠢᠬᠤ ᠬᠠᠮᠢᠶᠠᠷᠬᠤ ᠦ᠊ᠵᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃
   ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠦᠷᠢᠶᠡᠨ ᠳᠠᠬᠢ ᠨᠢᠭᠡ ᠤᠳᠠᠭᠠᠨ ᠤ ᠰᠢᠨ᠎ᠡ ᠡᠭᠦᠳᠦᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠵᠠᠰᠠᠭ ᠤᠨ ᠣᠷᠳᠣᠨ ᠠᠴᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠬᠦ ᠪᠠᠷ ᠳᠡᠮᠵᠢᠨ᠂ ᠵᠠᠰᠠᠭ ᠤᠨ ᠣᠷᠳᠣᠨ ᠤ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ ᠢᠯᠡ ᠲᠣᠳᠣ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠶᠢᠭᠤᠯᠬᠤ ᠳᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠪᠠ᠃
   ᠲᠠᠷᠠᠭᠠᠴᠢ ᠶᠢᠨ ᠠᠯᠬᠤᠮ ᠳᠤ ᠮᠠᠨ ᠤ ᠬᠤᠲᠠ ᠶᠢᠨ ᠬᠢᠨ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠩ ᠣᠯᠠᠨ ᠬᠦᠷᠢᠶᠡᠨ ᠳᠠᠬᠢ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠬᠦ᠂ ᠣᠶᠤᠨᠴᠢᠯᠠᠬᠤ ᠳᠠᠰᠢ ᠲᠠᠪᠰᠢᠬᠤ ᠶᠢ ᠠᠬᠢᠭᠤᠯᠤᠨ᠎ᠠ᠃ ᠡᠭᠦᠨ ᠤ ᠬᠠᠮᠲᠤ᠂ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ︽ᠠᠵᠤ ᠠᠬᠤᠶᠢᠯᠠᠯ ᠪᠤᠯᠤᠨ ᠣᠯᠠᠨ ᠲᠦᠮᠡᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠢᠯᠡᠭᠦᠦ ᠭᠦᠶᠦᠯᠭᠡᠬᠦ︾ ᠶᠢ ᠦᠨᠡᠨᠬᠦ ᠪᠡᠶᠡᠯᠡᠭᠦᠯᠵᠦ᠂ ᠨᠠᠩ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠹᠧᠩᠵᠧᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃       ᠵᠣᠬᠢᠶᠠᠭᠴᠢ᠄ ᠸᠠᠩ ᠨᠢᠩ ᠪᠦᠸᠧ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3