ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/12/6
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠬᠡᠷᠡᠭᠵᠢᠭᠦᠯᠬᠦ ᠲᠥᠰᠥᠯ︾᠂ ︽ᠤᠯᠠᠭᠠᠨᠴᠠᠪ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ 2024 ᠣᠨ ᠤ ᠹᠧᠩᠵᠧᠨ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠠᠵᠢᠯᠯᠠᠭᠠᠨ ᠤ ᠴᠠᠭ    2024 ᠣᠨ ᠤ 12 ᠰᠠᠷ᠎ᠠ ᠶᠢᠨ 5 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ᠃    ᠬᠤᠶᠠᠷ᠂ ᠡᠷᠭᠢᠯᠡᠬᠦ ᠨᠢᠭᠡᠴᠡ    1. ᠭᠤᠣᠯᠯᠠᠨ ᠡᠷᠭᠢᠯᠡᠬᠦ ᠨᠢᠭᠡᠴᠡ᠄ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠃    2. ᠳᠠᠭᠠᠭᠠᠨ ᠭᠦᠢᠴᠡᠳᠬᠡᠬᠦ ᠨᠢᠭᠡᠴᠡ᠄ ᠹᠧᠩᠵᠧᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠲᠠ ᠶᠢᠨ ︵ᠬᠤᠳᠠᠯᠳᠤᠭᠠᠨ ᠤ ᠶᠠᠪᠤᠳᠠᠯ︶ ᠲᠣᠪᠴᠢᠶ᠎ᠠ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃    3. ᠹᠸᠡᠭᠵᠧᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ︵ᠬᠤᠳᠠᠯᠳᠤᠭᠠᠨ ᠤ ᠶᠠᠪᠤᠳᠠᠯ︶ ᠶᠢᠨ ᠲᠣᠪᠴᠢᠶ᠎ᠠ ᠠᠴᠠ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠤᠬᠠᠭᠤᠯᠬᠤ ᠠᠵᠢᠯ ᠢ ᠬᠠᠷᠢᠭᠤᠴᠠᠨ᠎ᠠ᠃ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠴᠠᠬᠢᠯᠭᠠᠨ ᠴᠡᠨᠡᠭᠯᠡᠭᠦᠷ ᠪᠣᠯᠣᠨ ᠳ᠋ᠢᠶᠠᠨ ᡂᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠭᠤᠷᠪᠠ᠂ ᠣᠷᠣᠯᠴᠠᠬᠤ ᠬᠤᠳᠠᠯᠳᠤᠭᠠᠴᠢᠨ    ᠥᠷᠭᠡᠨ ᠢᠶᠠᠷ ᠡᠯᠰᠡᠨ ᠴᠤᠭᠯᠠᠭᠤᠯᠬᠤ ᠪᠠ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠪᠠᠶᠢᠬᠤ ᠵᠠᠷᠴᠢᠮ ᠢᠶᠠᠷ ᠳᠠᠮᠵᠢᠭᠤᠯᠤᠨ᠂ ᠣᠲᠣ ᠪᠠᠶᠢᠭ᠎ᠠ ᠳᠥᠷᠪᠡᠨ ᠬᠤᠳᠠᠯᠳᠤᠭᠠᠴᠢᠨ ᠠᠵᠢᠯᠯᠠᠭ᠎ᠠ ᠳᠤ ᠣᠷᠣᠯᠴᠠᠵᠤ᠂ ᠠᠵᠤ ᠠᠬᠤᠶᠢᠯᠠᠯ ᠳᠤ ᠵᠠᠯᠭᠠᠭᠠᠳ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃    1. ᠹᠧᠩᠵᠧᠨ ᠬᠤᠲᠠ ᠶᠢᠨ ᠰᠢᠶᠣᠣ ᠮᠢᠨ ᠨᠡᠷᠡᠮᠵᠢᠲᠦ ᠮᠠᠰᠢᠨ ᠲᠡᠷᠭᠡᠨ ᠤ ᠳᠡᠯᠭᠡᠭᠦᠷ ︵ᠹᠦ᠋ ᠪᠠᠩ ᠵᠢᠵᠢᠭ ᠲᠣᠭᠤᠷᠢᠭ ᠤᠨ ᠦᠨᠡᠮᠯᠡᠯ ᠣᠯᠭᠤᠬᠤ ᠶᠡᠭᠡ ᠲᠢᠩᠬᠢᠮ ᠤᠨ ᠡᠰᠡᠷᠭᠦ ᠲᠠᠯ᠎ᠠ ᠶᠢᠨ ᠪᠠᠷᠠᠭᠤᠨᠳᠡᠬᠢ 200 ᠮᠧᠲᠷ ᠤᠨ ᠠᠯᠲᠠᠨ ᠵᠡᠪᠡᠲᠦ ᠲᠡᠷᠭᠡᠨ ᠤ ᠬᠤᠳᠠᠯᠳᠤᠭ᠎ᠠ︶    2. ᠹᠧᠩᠵᠧᠨ ᠬᠤᠲᠠ ᠶᠢᠨ ᠸᠧᠢ ᠵᠢᠶᠦ᠋ᠨ ᠲᠡᠷᠭᠡᠨ ᠤ ᠳᠡᠯᠭᠡᠭᠦᠷ ︵ᠸᠧᠨᠵᠸᠦ ᠵᠡᠭᠡᠯᠢ ᠶᠢᠨ ᠪᠠᠷᠠᠭᠤᠨ ᠠᠮᠠᠰᠠᠷ ᠤᠨ ᠶᠢᠨ ᠵᠢᠶᠠᠨ ᠲᠧᠩ ᠹᠸᠢ ᠲᠡᠷᠭᠡᠨ ᠤ ᠦᠢᠯᠡᠰ︶    3. ᠹᠧᠩᠵᠧᠨ ᠬᠤᠲᠠ ᠶᠢᠨ ᠬᠤᠩ ᠢᠦᠢ ᠨᠡᠷᠡᠮᠵᠢᠲᠦ ᠮᠠᠰᠢᠨ ᠲᠡᠷᠭᠡᠨ ᠤ ᠬᠤᠳᠠᠯᠳᠤᠭᠠᠨ ᠤ ᠭᠠᠵᠠᠷ ︵ᠰᠢᠤᠸᠠᠢ ᠹᠦ᠋ ᠵᠢᠵᠢᠭ ᠲᠣᠭᠤᠷᠢᠭ ᠤᠨ ᠪᠠᠷᠠᠭᠤᠨ ᠡᠭᠦᠳᠡᠨ ᠤ ᠡᠰᠡᠷᠭᠦ ᠲᠠᠯ᠎ᠠ ᠶᠢᠨ ᠰᠢᠶᠤᠤ ᠳ᠋ᠤᠦ ᠮᠠᠰᠢᠨ ᠲᠡᠷᠭᠡᠨ ᠤ ᠬᠤᠳᠠᠯᠳᠤᠭ᠎ᠠ︶    4. ᠹᠧᠩᠵᠧᠨ ᠤ ᠶᠦᠩ ᠹᠧᠩ ᠴᠠᠬᠢᠯᠭᠠᠨ ᠬᠥᠳᠡᠯᠭᠡᠭᠦᠷᠲᠦ ᠲᠡᠷᠭᠡ ︵ᠸᠧᠨᠵᠸᠦ ᠵᠡᠭᠡᠯᠢ ᠶᠢᠨ ᠪᠠᠷᠠᠭᠤᠨ ᠬᠠᠭᠠᠯᠭ᠎ᠠ ᠶᠢᠨ ᠰᠢᠶᠤᠤ ᠳ᠋ᠤᠦ ᠴᠠᠬᠢᠯᠭᠠᠨ ᠬᠥᠳᠡᠯᠭᠡᠭᠦᠷᠲᠦ ᠲᠡᠷᠭᠡ︶    ᠳᠥᠷᠪᠡ᠂ ᠨᠥᠬᠦᠪᠦᠷᠢ ᠶᠢᠨ ᠪᠠᠷᠢᠮᠵᠢᠶ᠎ᠠ    ᠬᠤᠪᠢ ᠬᠥᠮᠥᠨ ᠤ ᠬᠡᠷᠡᠭᠯᠡᠭᠴᠢᠳ CCC ᠭᠡᠷᠡᠴᠢᠯᠡᠭᠡ ᠲᠠᠢ ᠮᠦᠷᠳᠡᠭᠡᠨ 2024 ᠣᠨ ᠤ 11 ᠰᠠᠷ᠎ᠠ ᠶᠢᠨ 1 ᠤ ᠡᠳᠦᠷ ᠠᠴᠠ ᠰᠡᠭᠦᠯᠡᠷ ᠦᠢᠯᠡᠳᠪᠦᠷᠢ ᠠᠴᠠ ᠭᠠᠷᠤᠭᠰᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠤᠳᠠᠯᠳᠤᠨ ᠠᠪᠤᠭᠠᠷᠠᠢ᠃    ᠬᠤᠪᠢ ᠬᠥᠮᠥᠨ ᠤ ᠨᠡᠷ᠎ᠡ ᠳᠡᠭᠡᠷᠡᠬᠢ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠰᠢᠨ᠎ᠡ ᠲᠡᠷᠭᠡ ᠶᠢ ᠰᠣᠯᠢᠵᠤ ᠬᠤᠳᠠᠯᠳᠤᠨ ᠠᠪᠤᠭᠰᠠᠨ ᠬᠤᠪᠢ ᠬᠥᠮᠥᠨ ᠤ ᠬᠡᠷᠡᠭᠯᠡᠭᠴᠢᠳ ᠲᠤ ᠨᠢᠭᠡ ᠤᠳᠠᠭ᠎ᠠ ᠶᠢᠨ ᠴᠢᠨᠠᠷᠲᠠᠢ 500 ᠲᠥᠭᠦᠷᠢᠭ ᠤᠨ ᠲᠣᠭᠲᠠᠭᠰᠠᠨ ᠲᠣᠭᠠᠨ ᠤ ᠨᠥᠬᠦᠪᠦᠷᠢ ︵ᠳᠣᠷᠣᠭᠰᠢ ︽ᠲᠣᠭᠲᠠᠭᠰᠠᠨ ᠲᠣᠭᠠᠨ ᠤ ᠨᠥᠬᠦᠪᠦᠷᠢ ᠶᠢᠨ ᠲᠡᠮᠳᠡᠭᠲᠦ︾ ᠭᠡᠵᠦ ᠲᠣᠪᠴᠢᠯᠠᠨ᠎ᠠ︶ ᠣᠯᠭᠤᠨ᠎ᠠ᠃ ᠡᠭᠦᠨ ᠳᠤ᠂ ᠬᠠᠭᠤᠴᠢᠨ ᠯᠢᠲ᠋ᠢ ᠢᠶᠤᠨ ᠤ ᠬᠡᠯᠬᠢᠶ᠎ᠡ ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠤᠷᠭᠤᠯᠵᠢᠨ ᠬᠦᠴᠢᠯ ᠤᠨ ᠬᠡᠯᠬᠢᠶ᠎ᠡ ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠣᠯᠢᠵᠤ ᠬᠤᠳᠠᠯᠳᠤᠨ ᠠᠪᠤᠭᠰᠠᠨ ᠬᠤᠪᠢ ᠬᠥᠮᠥᠨ ᠤ ᠬᠡᠷᠡᠭᠯᠡᠭᠴᠢ ᠳᠤ ᠢᠯᠡᠭᠦᠴᠡ 100 ᠲᠥᠭᠦᠷᠢᠭ ᠤᠨ ᠨᠥᠬᠦᠪᠦᠷᠢ ᠥᠭᠴᠦ ᠪᠣᠯᠣᠨ᠎ᠠ᠃ ᠰᠣᠯᠢᠵᠤ ᠬᠤᠳᠠᠯᠳᠤᠨ ᠠᠪᠤᠭᠰᠠᠨ ᠯᠢᠲ᠋ᠢ ᠢᠶᠤᠨ ᠤ ᠬᠡᠯᠬᠢᠶ᠎ᠡ ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠳ᠋ᠢᠶᠠᠨ ᡂᠢ ᠨᠢ ᠪᠠᠰᠠ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠳ᠋ᠢᠶᠠᠨ ᡂᠢ ᠶᠢᠨ ᠠᠶᠤᠯᠭᠦᠢ ᠶᠢᠨ ᠮᠡᠷᠭᠡᠵᠢᠯ ᠤᠨ ᠳᠦᠷᠢᠮᠵᠢᠯ︾ ︵GB43854︶ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃    ᠲᠠᠪᠤ᠂ ᠣᠷᠣᠯᠴᠠᠬᠤ ᠴᠤᠪᠤᠷᠠᠯ ᠵᠢᠴᠢ ᠳᠦᠷᠢᠮ    ᠬᠤᠪᠢ ᠬᠥᠮᠥᠨ ᠤ ᠬᠡᠷᠡᠭᠯᠡᠭᠴᠢᠳ ᠪᠠᠩᠬᠢ ᠶᠢᠨ ᠬᠤᠯᠪᠣᠭᠠᠨ ᠤ ᠶᠦᠨ ᠱᠠᠨ ᠹᠦ᠋ APP ᠲᠠᠪᠴᠠᠩ ᠢᠶᠠᠷ ᠳᠠᠮᠵᠢᠭᠤᠯᠤᠨ ᠬᠠᠭᠤᠴᠢᠨ ᠢ ᠬᠤᠳᠠᠯᠳᠤᠬᠤ᠂ ᠰᠢᠨ᠎ᠡ ᠶᠢ ᠬᠤᠳᠠᠯᠳᠤᠨ ᠠᠪᠬᠤ ᠪᠠ ᠲᠥᠯᠥᠬᠦ ᠠᠵᠢᠯ ᠢ  ᠪᠡᠶᠡᠯᠡᠭᠦᠯᠵᠦ ᠪᠤᠯᠤᠨ᠎ᠠ᠃ ᠪᠠᠩᠬᠢ ᠶᠢᠨ ᠬᠤᠯᠪᠣᠭᠠᠨ ᠤ ᠶᠦᠨ ᠱᠠᠨ ᠹᠦ᠋ APP ᠲᠠᠪᠴᠠᠩ ᠢᠶᠠᠷ ᠦᠨᠡᠨ ᠨᠡᠷ᠎ᠡ ᠪᠠᠷ ᠢᠶᠠᠨ ᠳᠠᠩᠰᠠᠯᠠᠭᠤᠯᠤᠨ ᠪᠦᠷᠢᠳᠬᠡᠭᠦᠯᠵᠦ᠂ ᠤᠯᠠᠭᠠᠨᠴᠠᠪ ︱ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠣᠪᠴᠢᠳᠠᠨ᠎ᠠ ︱ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠢ ᠣᠷᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠣᠩᠭᠤᠵᠤ ᠬᠠᠭᠤᠴᠢᠨ ᠢᠶᠠᠷ ᠰᠢᠨ᠎ᠡ ᠶᠢ ᠰᠣᠯᠢᠬᠤ ︱ ᠨᠥᠬᠦᠪᠦᠷᠢ ᠭᠤᠶᠤᠴᠢᠯᠠᠨ᠎ᠠ᠃ ᠨᠥᠬᠦᠪᠦᠷᠢ ᠭᠤᠶᠤᠴᠢᠯᠠᠬᠤ ᠳᠤ ᠱᠠᠭᠠᠷᠳᠠᠯᠭ᠎ᠠ ᠶᠣᠰᠣᠭᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ ᠪᠠᠩᠬᠢ ᠶᠢᠨ ᠬᠤᠯᠪᠣᠭᠠᠨ ᠤ ᠶᠦᠨ ᠱᠠᠨ ᠹᠦ᠋ APP ᠲᠠᠪᠴᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠠᠶᠢᠯᠤᠮᠵᠢ ᠪᠠᠷ ᠨᠠᠷᠢᠨ ᠯᠠᠪᠯᠠᠯᠲᠠ ᠪᠣᠯᠭᠠᠵᠤ ᠪᠣᠯᠣᠨ᠎ᠠ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠥᠭᠬᠦ ᠪᠠᠷ ᠭᠤᠶᠤᠴᠢᠯᠠᠨ᠎ᠠ᠃    ᠵᠢᠷᠭᠤᠭ᠎ᠠ᠂ ᠪᠤᠰᠤᠳ ᠱᠠᠭᠠᠷᠳᠠᠯᠭ᠎ᠠ    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢ ᠥᠷᠭᠡᠨ ᠣᠯᠠᠨ ᠬᠡᠷᠡᠭᠯᠡᠭᠴᠢᠳ ᠲᠤ ᠬᠦᠷᠲᠡᠭᠡᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠠᠵᠢᠯᠯᠠᠭᠠᠨ ᠤ ᠶᠠᠪᠤᠴᠠ ᠳᠤ ᠬᠡᠷᠪᠡ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠡᠯᠡ ᠮᠥᠩᠭᠦ ᠶᠢ ᠮᠡᠬᠡᠯᠡᠨ ᠨᠥᠬᠦᠪᠦᠷᠢᠯᠡᠬᠦ ᠵᠢᠴᠢ ᠶᠠᠰᠤ ᠴᠢᠨᠠᠷ᠂ ᠦᠨ᠎ᠡ ᠬᠠᠩᠰᠢ ᠵᠡᠷᠭᠡ ᠠᠰᠠᠭᠤᠳᠠᠯ ᠭᠠᠷᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠴᠢᠩᠭ᠎ᠠ ᠴᠣᠬᠢᠯᠲᠠ ᠥᠭᠬᠦ ᠶᠢᠨ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                ᠹᠧᠩᠵᠧᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ              ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                       2024 ᠣᠨ ᠤ 12 ᠰᠠᠷ᠎ᠠ ᠶᠢᠨ 5 ᠤ ᠡᠳᠦᠷ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3