| —— ᠹᠧᠩᠵᠧᠨ ᠬᠤᠳᠠ ᠶᠢᠨ ᠬᠢᠨ ︽ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠭᠦᠯᠪᠡ | | | ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠤᠲᠠᠳᠠᠶᠢᠵᠢᠭᠤᠯᠵᠤ᠂ ᠪᠣᠯᠪᠠᠰᠤᠨ ᠡᠷᠡᠭᠦᠯ᠂ ᠪᠣᠬᠢᠷᠲᠤᠯ ᠦᠭᠡᠢ ᠡᠶ᠎ᠡ | ᠵᠣᠬᠢᠴᠠᠯ ᠲᠠᠢ ᠰᠣᠶᠣᠯ ᠤᠨ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠤᠰᠠᠳᠠ᠂ 12 ᠰᠠᠷ᠎ᠠ ᠶᠢᠨ 5 ᠤ ᠡᠳᠦᠷ᠂ | ᠹᠧᠩᠵᠧᠨ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ︾ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠰᠣᠶᠣᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠬᠡᠰᠡᠭ | ᠨᠣᠮ ᠤᠨ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ᠂ ᠲᠦᠷᠭᠡᠨ ᠬᠦᠷᠭᠡᠬᠦ ᠥᠷᠲᠡᠭᠡ ᠴᠡᠭ ᠵᠢᠴᠢ ᠱᠠᠰᠢᠨ | ᠰᠤᠷᠲᠠᠬᠤᠨ ᠤ ᠲᠠᠯᠠᠪᠤᠷ ᠲᠤ ︽ᠢᠷᠡᠯᠲᠡ ᠶᠢ ᠴᠡᠪᠡᠷᠯᠡᠬᠦ︾᠂ ︽ᠬᠢᠯᠢ ᠬᠢᠵᠠᠭᠠᠷ ᠢ ᠪᠠᠬᠢᠵᠢᠭᠦᠯᠬᠦ︾ ᠲᠤᠰᠬᠠᠢ | ᠠᠵᠢᠯᠯᠠᠭ᠎ᠠ ᠥᠷᠨᠢᠭᠦᠯᠪᠡ᠃ | | | | | | ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠨᠣᠮ ᠤᠨ ᠳᠡᠯᠭᠡᠭᠦᠷ ᠪᠠ ᠬᠡᠪᠯᠡᠯ ᠤᠨ ᠠᠵᠤ ᠠᠬᠤᠶᠢᠯᠠᠯ ᠳᠤ | ᠭᠦᠨᠵᠡᠭᠡᠶᠢᠷᠡᠨ᠂ ᠨᠣᠮ ᠪᠢᠴᠢᠭ ᠤᠨ ᠠᠭᠤᠯᠭ᠎ᠠ᠂ ᠬᠡᠪᠯᠡᠯ ᠤᠨ ᠡᠷᠬᠡ ᠶᠢᠨ ᠬᠠᠤᠯᠢ ᠶᠣᠰᠣᠴᠢ ᠴᠢᠨᠠᠷ ᠵᠢᠴᠢ | ᠳᠠᠷᠤᠮᠠᠯᠯᠠᠬᠤ ᠴᠤᠪᠤᠷᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠨᠠᠨ ᠪᠠᠶᠢᠴᠠᠭᠠᠵᠤ᠂ ᠲᠠᠸᠠᠷ ᠨᠢᠭᠡᠪᠦᠷᠢ ᠶᠢᠨ | ᠵᠢᠷᠤᠮᠵᠢᠯ ᠳᠤ ᠨᠡᠶᠢᠴᠡᠬᠦ ᠶᠢ ᠦᠨᠡᠨᠬᠦ ᠪᠠᠲᠤᠯᠠᠪᠠ᠃ ᠲᠦᠷᠭᠡᠨ ᠬᠦᠷᠭᠡᠯᠲᠡ ᠶᠢᠨ ᠥᠷᠲᠡᠭᠡᠨ ᠳᠤ᠂ ᠠᠵᠢᠯᠲᠠᠳ ᠨᠣᠮ | ᠪᠢᠴᠢᠭ᠂ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢ | ᠲᠤᠰᠬᠠᠶᠢᠯᠠᠨ ᠯᠠᠪᠯᠠᠨ ᠠᠰᠠᠭᠤᠭᠰᠠᠨ ᠪᠥᠭᠡᠳ ᠲᠤᠬᠠᠢ ᠶᠢᠨ ᠲᠠᠯᠠᠪᠤᠷ ᠲᠤ ᠲᠦᠷᠭᠡᠨ ᠬᠦᠷᠭᠡᠭᠴᠢ ᠳᠤ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠠᠤᠯᠢ ᠪᠤᠰᠤ ᠬᠡᠪᠯᠡᠭᠳᠡᠬᠦᠨ ᠤ ᠲᠦᠷᠭᠡᠨ | ᠬᠦᠷᠭᠡᠯᠲᠡ ᠪᠠᠷ ᠳᠡᠮᠵᠢᠨ ᠤᠯᠠᠮᠵᠢᠯᠠᠭᠳᠠᠨ ᠲᠠᠷᠬᠠᠬᠤ ᠶᠢ ᠰᠡᠷᠭᠡᠶᠢᠯᠡᠪᠡ᠃ ᠱᠠᠰᠢᠨ ᠰᠤᠷᠲᠠᠬᠤᠨ ᠤ ᠲᠠᠯᠠᠪᠤᠷ ᠲᠤ᠂ | ᠠᠵᠢᠯᠲᠠᠳ ᠣᠷᠣᠰᠢᠵᠤ ᠮᠡᠳᠡᠬᠦ ᠬᠠᠤᠯᠢ ᠪᠤᠰᠤ ᠬᠡᠪᠯᠡᠭᠳᠡᠬᠦᠨ ᠪᠠ ᠤᠬᠠᠭᠤᠯᠭ᠎ᠠ ᠶᠢᠨ ᠵᠦᠢᠯᠡᠰ ᠢ ᠨᠠᠷᠢᠨ ᠪᠠᠶᠢᠴᠠᠭᠠᠵᠤ᠂ | ᠭᠠᠵᠢᠭᠤ ᠨᠣᠮᠯᠠᠯ ᠪᠠ ᠹᠧᠣᠳᠠᠯ ᠤᠨ ᠮᠤᠬᠤᠷ ᠪᠢᠰᠢᠷᠡᠯ ᠢ ᠤᠬᠠᠭᠤᠯᠤᠭᠰᠠᠨ ᠬᠠᠤᠯᠢ ᠪᠤᠰᠤ ᠬᠡᠪᠯᠡᠭᠳᠡᠬᠦᠨ ᠳᠡᠯᠭᠡᠷᠡᠬᠦ ᠶᠢ | ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃ | | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |