| ᠣᠶᠢᠷ᠎ᠠ ᠳᠤ᠂ ᠪᠥᠬᠦ ᠤᠯᠤᠰ ᠤᠨ ᠬᠡᠪᠴᠢᠶᠡᠨ ᠳᠤ ᠭᠠᠯ ᠤᠨ ᠭᠠᠮᠰᠢᠭ ᠲᠤ ᠠᠮᠢ ᠨᠠᠰᠤᠨ ᠤ ᠠᠳᠡᠯ ᠣᠯᠠᠨ | ᠤᠳᠠᠭ᠎ᠠ ᠡᠭᠦᠰᠪᠠ᠃ 1 ᠰᠠᠷ᠎ᠠ ᠶᠢᠨ 19 ᠤ ᠡᠳᠦᠷ ᠾᠧᠨᠠᠨ ᠮᠤᠵᠢ ᠶᠢᠨ ᠨᠠᠨᠶᠠᠩ ᠬᠤᠲᠠ ᠶᠢᠨ ᠹᠠᠩ ᠴᠧᠩ | ᠰᠢᠶᠠᠨ ᠤ ᠳ᠋ᠦ᠋ ᠱᠦ ᠪᠠᠯᠭᠠᠰᠤᠨ ᠤ ᠶᠠᠨ ᠱᠠᠨ ᠫᠦ᠋ ᠲᠣᠰᠬᠤᠨ ᠤ ᠶᠢᠩ ᠼᠠᠢ ᠰᠤᠷᠭᠠᠭᠤᠯᠢ ᠶᠢᠨ ᠨᠢᠭᠡᠨ ᠪᠠᠶᠢᠷᠢ ᠳᠤ | ᠭᠠᠯ ᠤᠨ ᠠᠶᠤᠯ ᠭᠠᠷᠴᠤ᠂ 13 ᠬᠥᠮᠥᠨ ᠠᠳᠡᠵᠦ᠂ 4 ᠬᠥᠮᠥᠨ ᠰᠢᠷᠬᠠᠲᠤᠵᠠᠢ᠃ 1 ᠰᠠᠷ᠎ᠠ ᠶᠢᠨ 23 ᠤ ᠡᠳᠦᠷ | ᠱᠠᠨᠳᠦ᠋ᠩ ᠮᠤᠵᠢ ᠶᠢᠨ ᠵᠢᠨᠠᠨ ᠬᠤᠲᠠ ᠶᠢᠨ ᠶᠢᠨ ᠽᠦᠸᠧ ᠵᠢᠶᠠ ᠢ ᠪᠠᠭᠤᠳᠠᠯ ᠤᠨ ᠶᠤᠸᠠᠨ ᠪᠥᠸᠧ ᠶᠤᠸᠠᠨ | ᠳᠡᠯᠭᠡᠭᠦᠷ ᠲᠤ ᠭᠠᠯ ᠤᠨ ᠠᠶᠤᠯ ᠭᠠᠷᠴᠤ᠂ 4 ᠬᠥᠮᠥᠨ ᠠᠳᠡᠵᠡᠢ᠃ 1 ᠰᠠᠷ᠎ᠠ ᠶᠢᠨ 24 ᠤ ᠡᠳᠦᠷ ᠵᠢᠶᠠᠩᠰᠢ | ᠮᠤᠵᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠨᠢᠭᠡᠨ ᠵᠡᠭᠡᠯᠢ ᠶᠢᠨ ᠳᠡᠯᠭᠡᠭᠦᠷ ᠲᠤ ᠪᠠᠷᠢᠯᠭ᠎ᠠ | ᠶᠢᠨ ᠠᠵᠢᠯᠲᠠᠳ ᠲᠣᠭᠲᠠᠭᠠᠯ ᠠᠴᠠ ᠵᠦᠷᠢᠴᠡᠭᠰᠡᠨ ᠤ ᠬᠠᠷᠠᠭ᠎ᠠ ᠪᠠᠷ ᠭᠠᠯ ᠤᠨ ᠠᠶᠤᠯ ᠭᠠᠷᠴᠤ᠂ 39 ᠬᠥᠮᠥᠨ | ᠠᠳᠡᠵᠦ᠂ 9 ᠬᠥᠮᠥᠨ ᠰᠢᠷᠬᠠᠲᠤᠵᠠᠢ᠃ ᠤᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠤᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠠᠯ ᠠᠯᠳᠠᠭᠰᠠᠨ ᠬᠡᠷᠡᠭ ᠭᠠᠷᠬᠤ ᠶᠢ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ | ᠰᠡᠷᠭᠡᠶᠢᠯᠡᠨ ᠤᠨᠲᠠᠷᠠᠭᠠᠬᠤ ᠬᠠᠤᠯᠢ︾ ᠪᠠ ︽ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠦᠨᠳᠦᠰᠦᠯᠡᠨ᠂ ᠨᠡᠶᠢᠭᠡᠮ ᠤᠨ | ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠠᠵᠢᠯ ᠤᠨ ᠲᠤᠬᠠᠢ ᠤᠳᠤ ᠳᠣᠣᠷᠠᠬᠢ ᠮᠡᠲᠦ ᠵᠠᠷᠯᠠᠶ᠎ᠠ | ᠄ | ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠬᠦ ᠬᠡᠷᠡᠭᠲᠡᠢ᠃ | ᠡᠯ᠎ᠡ ᠨᠢᠭᠡᠴᠡ ᠨᠦᠭᠦᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭᠠᠲᠠᠨ᠂ | ᠬᠠᠮᠢᠶᠠᠷᠤᠭᠴᠢ ᠶᠢ ᠲᠣᠳᠣᠷᠬᠠᠶᠢᠯᠠᠨ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠠᠵᠢᠯ ᠢ ᠬᠠᠷᠢᠭᠤᠴᠠᠭᠤᠯᠬᠤ ᠬᠡᠷᠡᠭᠲᠡᠢ᠃ | ᠬᠤᠶᠠᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠡᠯ᠎ᠡ ᠨᠢᠭᠡᠴᠡ ᠨᠦᠭᠦᠳ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠬᠤ ᠬᠡᠷᠡᠭᠲᠡᠢ︔ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠬᠤ ᠵᠢᠴᠢ ᠭᠠᠯ ᠤᠨ | ᠠᠶᠤᠯ ᠤᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠳᠦᠷᠢᠮ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠬᠡᠢ | ᠬᠡᠷᠡᠭᠯᠡᠬᠦ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ | ᠬᠠᠮᠠᠭᠠᠯᠠᠨ ᠠᠷᠠᠴᠢᠯᠠᠬᠤ ᠬᠠᠮᠢᠶᠠᠷᠤᠯᠲᠠ ᠶᠢᠨ ᠳᠦᠷᠢᠮ᠂ ᠠᠵᠢᠯᠲᠠᠨ ᠠᠵᠢᠯᠴᠢᠳ ᠤᠨ ᠭᠠᠯ ᠤᠨᠲᠠᠷᠠᠭᠠᠬᠤ ᠠᠶᠤᠯ | ᠦᠭᠡᠢ ᠶᠢᠨ ᠬᠥᠮᠦᠵᠢᠯ ᠪᠣᠯᠪᠠᠰᠤᠷᠠᠭᠤᠯᠤᠯ ᠤᠨ ᠳᠦᠷᠢᠮ ᠢ ᠲᠣᠭᠲᠠᠭᠠᠬᠤ ᠬᠡᠷᠡᠭᠲᠡᠢ᠃ | ᠭᠤᠷᠪᠠ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠪᠡᠯᠡᠳᠬᠡᠯ ᠲᠥᠰᠥᠯ ᠢ | ᠲᠣᠭᠲᠠᠭᠠᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠵᠤ᠂ ᠭᠠᠯ ᠤᠨ ᠠᠶᠤᠯ ᠭᠠᠷᠬᠤ | ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠶᠢ | ᠲᠣᠳᠣᠷᠬᠠᠶᠢᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠭᠠᠯ ᠤᠨ ᠠᠶᠤᠯ ᠤᠨ | ᠲᠦᠭᠰᠢᠭᠦᠷᠢ ᠮᠡᠳᠡᠭᠦᠯᠬᠦ᠂ ᠬᠥᠮᠥᠨ ᠢ ᠲᠠᠷᠬᠠᠭᠠᠬᠤ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠠᠴᠠ ᠠᠪᠤᠷᠠᠬᠤ | ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠠᠭᠲᠠᠭᠠᠬᠤ | ᠬᠡᠷᠡᠭᠲᠡᠢ︔ ᠡᠭᠦᠨ ᠳᠤ᠄ ᠭᠠᠯ ᠤᠨᠲᠠᠷᠠᠭᠠᠬᠤ ᠳᠤᠭᠤᠶᠢᠯᠠᠩ᠂ ᠲᠠᠷᠬᠠᠭᠠᠬᠤ ᠳᠤᠭᠤᠶᠢᠯᠠᠩ᠂ ᠠᠪᠤᠷᠠᠨ ᠲᠤᠰᠠᠯᠠᠬᠤ | ᠳᠤᠭᠤᠶᠢᠯᠠᠩ᠂ ᠰᠡᠷᠡᠮᠵᠢᠯᠡᠭᠦᠯᠬᠦ ᠳᠤᠭᠤᠶᠢᠯᠠᠩ ᠪᠠ ᠮᠡᠳᠡᠭᠡ ᠬᠤᠯᠪᠣᠭ᠎ᠠ ᠠᠪᠬᠤ ᠳᠤᠭᠤᠶᠢᠯᠠᠩ᠂ ᠠᠶᠤᠯᠭᠦᠢ ᠶᠢᠨ | ᠰᠡᠷᠭᠡᠶᠢᠯᠡᠨ ᠬᠠᠮᠠᠭᠠᠯᠠᠵᠤ ᠠᠪᠤᠷᠠᠨ ᠲᠤᠰᠠᠯᠠᠬᠤ ᠳᠤᠭᠤᠶᠢᠯᠠᠩ ᠵᠡᠷᠭᠡ ᠶᠢ ᠪᠠᠭᠲᠠᠭᠠᠵᠤ᠂ ᠪᠠᠴᠢᠮ ᠪᠠᠶᠢᠳᠠᠯ ᠤᠨ | ᠳᠣᠣᠷ᠎ᠠ ᠠᠪᠤᠷᠠᠨ ᠲᠤᠰᠠᠯᠠᠬᠤ ᠠᠵᠢᠯᠯᠠᠭ᠎ᠠ ᠶᠢ ᠲᠦᠷᠭᠡᠨ ᠪᠥᠭᠡᠳ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ | ᠪᠠᠲᠤᠯᠠᠨ᠎ᠠ᠃ ᠡᠯ᠎ᠡ ᠨᠢᠭᠡᠴᠡ ᠶᠢᠨ ᠭᠠᠯ ᠤᠨᠲᠠᠷᠠᠭᠠᠬᠤ ᠰᠣᠷᠢᠯᠲᠠ ᠶᠢ ᠭᠠᠯ ᠤᠨᠲᠠᠷᠠᠭᠠᠬᠤ ᠪᠠᠴᠢᠮ ᠪᠠᠶᠢᠳᠠᠯ ᠢ | ᠠᠷᠭᠠᠴᠠᠭᠠᠨ ᠲᠠᠷᠬᠠᠭᠠᠬᠤ ᠪᠡᠯᠡᠳᠬᠡᠯ ᠲᠥᠰᠥᠯ ᠤᠨ ᠠᠭᠤᠯᠭ᠎ᠠ ᠶᠢ ᠦᠨᠳᠦᠰᠦᠯᠡᠨ ᠥᠷᠨᠢᠭᠦᠯᠦᠨ ᠶᠠᠪᠤᠭᠳᠠᠭᠤᠯᠬᠤ | ᠬᠡᠷᠡᠭᠲᠡᠢ᠃ | ᠳᠥᠷᠪᠡ᠂ ᠭᠤᠣᠯ ᠳᠠᠯᠳᠠ ᠬᠡᠮ ᠤᠨ ᠠᠰᠠᠭᠤᠳᠠᠯ ᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠦᠭᠡᠷᠡᠴᠢᠯᠡᠨ᠎ᠡ᠃ | ᠭᠠᠮᠰᠢᠭ ᠡᠭᠦᠰᠬᠡᠬᠦ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠯ ᠤᠨ ᠠᠶᠤᠯ ᠡᠭᠦᠰᠬᠦ | ᠬᠥᠭᠵᠢᠯᠲᠡ ᠶᠢᠨ ᠵᠢᠮ᠎ᠡ ᠶᠣᠰᠣ ᠪᠠᠷ ᠭᠠᠯ ᠤᠨ ᠢᠷᠡᠯᠲᠡ ᠶᠢᠨ ᠴᠠᠬᠢᠯᠭᠠᠨ ᠡᠭᠦᠰᠬᠡᠭᠴᠢ ᠶᠢ ᠬᠠᠮᠢᠶᠠᠷᠬᠤ᠂ ᠠᠶᠤᠯ | ᠦᠭᠡᠢ ᠪᠠᠷ ᠲᠠᠷᠬᠠᠭᠠᠬᠤ᠂ ᠠᠩᠬᠠᠨ ᠤ ᠬᠤᠭᠤᠴᠠᠭᠠᠨ ᠤ ᠰᠢᠢᠳᠪᠦᠷᠢᠯᠡᠬᠦ ᠵᠡᠷᠭᠡ ᠶᠢ ᠥᠪᠡᠷ ᠲᠡᠭᠡᠨ ᠪᠠᠶᠢᠴᠠᠭᠠᠵᠤ | ᠥᠪᠡᠷ ᠲᠡᠭᠡᠨ ᠥᠭᠡᠷᠡᠴᠢᠯᠡᠬᠦ ᠶᠢᠨ ᠭᠤᠣᠯᠳᠠᠯᠭ᠎ᠠ ᠪᠣᠯᠭᠠᠬᠤ ᠬᠡᠷᠡᠭᠲᠡᠢ︔ ᠥᠪᠡᠷ ᠲᠡᠭᠡᠨ ᠪᠠᠶᠢᠴᠠᠭᠠᠬᠤ ᠳᠤᠮᠳᠠ | ᠣᠯᠵᠤ ᠮᠡᠳᠡᠭᠰᠡᠨ ᠠᠰᠠᠭᠤᠳᠠᠯ ᠳᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠯᠳᠠ ᠭᠡᠮ ᠤᠨ ᠡᠬᠡ | ᠲᠠᠩᠰᠠ ᠶᠢᠨ ᠲᠣᠳᠣᠷᠬᠠᠢ ᠬᠠᠭᠤᠳᠠᠰᠤ ᠪᠠᠶᠢᠭᠤᠯᠵᠤ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠠᠪᠴᠤ | ᠪᠠᠶᠢᠭᠠᠳ ᠴᠠᠭ ᠲᠤᠬᠠᠢ ᠲᠤᠨᠢ ᠴᠡᠭᠴᠡᠯᠡᠨ ᠰᠠᠶᠢᠵᠢᠷᠠᠭᠤᠯᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠬᠡᠷᠡᠭᠵᠢᠭᠦᠯᠦᠨ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠡᠯᠡ ᠮᠥᠩᠭᠦ᠂ ᠬᠤᠭᠤᠴᠠᠭ᠎ᠠ ᠬᠢᠵᠠᠭᠠᠷ ᠪᠣᠯᠣᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠶᠢᠨ ᠬᠠᠮᠲᠤ ᠲᠠᠯᠳᠠ ᠭᠡᠮ ᠤᠨ ᠪᠠᠶᠢᠳᠠᠯ ᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠬᠢᠭᠡᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠬᠦ ᠬᠡᠷᠡᠭᠲᠡᠢ᠃ | 1. ᠭᠠᠯ ᠤᠨ ᠢᠷᠡᠯᠲᠡ ᠶᠢᠨ ᠬᠠᠮᠢᠶᠠᠷᠤᠯᠲᠠ᠃ ᠲᠣᠭᠲᠠᠭᠠᠯ ᠠᠴᠠ ᠵᠥᠷᠢᠴᠡᠨ ᠢᠯᠡ ᠭᠠᠯ ᠬᠡᠷᠡᠭᠯᠡᠭᠰᠡᠨ᠂ ᠭᠠᠯ | ᠨᠣᠴᠣᠭᠠᠵᠤ ᠪᠠᠷᠢᠯᠭ᠎ᠠ ᠪᠠᠷᠢᠬᠤ ᠳᠤ ᠬᠢᠨᠠᠨ ᠵᠥᠪᠰᠢᠶᠡᠷᠡᠭᠰᠡᠨ ᠦᠭᠡᠢ︔ ᠡᠵᠡᠩᠨᠡᠬᠦ ᠪᠤᠶᠤ ᠬᠡᠷᠡᠭᠯᠡᠬᠦ ᠬᠤᠭᠤᠴᠠᠭᠠᠨ ᠳᠤ | ᠂ ᠲᠣᠭᠲᠠᠭᠠᠯ ᠠᠴᠠ ᠵᠥᠷᠢᠴᠡᠨ ᠭᠠᠯ ᠨᠣᠴᠣᠭᠠᠵᠤ ᠭᠠᠩᠨᠠᠬᠤ ᠠᠵᠢᠯ ᠬᠢᠬᠦ︔ ᠪᠠᠷᠢᠯᠭ᠎ᠠ ᠶᠢᠨ ᠬᠤᠭᠤᠴᠠᠭᠠᠨ ᠳᠤ | ᠲᠤᠬᠠᠢ ᠶᠢᠨ ᠲᠠᠯᠠᠪᠤᠷ ᠤᠨ ᠬᠠᠷᠠᠵᠤ ᠬᠠᠮᠠᠭᠠᠯᠠᠬᠤ ᠬᠥᠮᠥᠰ ᠢ ᠨᠠᠶᠢᠳᠠᠪᠤᠷᠢᠵᠢᠭᠤᠯᠤᠭᠰᠠᠨ ᠦᠭᠡᠢ᠂ ᠰᠢᠲᠠᠮᠠᠬᠠᠢ | ᠬᠤᠯᠢᠮᠠᠭ ᠪᠣᠳᠠᠰ ᠢ ᠤᠷᠢᠳᠴᠢᠯᠠᠨ ᠴᠡᠪᠡᠷᠯᠡᠭᠰᠡᠨ ᠦᠭᠡᠢ ᠪᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ︔ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠤ ᠪᠣᠳᠠᠰ ᠢ | ᠲᠣᠭᠲᠠᠭᠠᠯ ᠠᠴᠠ ᠵᠥᠷᠢᠴᠡᠨ ᠬᠠᠳᠠᠭᠠᠯᠠᠭᠰᠠᠨ ᠪᠠ ᠬᠡᠷᠡᠭᠯᠡᠭᠰᠡᠨ︔ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ | ᠲᠠᠯᠠᠪᠤᠷ ᠭᠠᠵᠠᠷ ᠲᠠᠬᠢ ᠡᠯ᠎ᠡ ᠨᠢᠭᠡᠴᠡ ᠭᠠᠯ ᠨᠣᠴᠣᠭᠠᠵᠤ ᠪᠠᠷᠢᠯᠭ᠎ᠠ ᠪᠠᠷᠢᠬᠤ ᠳᠠᠭᠠᠨ ᠮᠡᠳᠡᠭᠦᠯᠬᠦ ᠦᠭᠡᠢ᠂ ᠬᠢᠨᠠᠨ | ᠵᠥᠪᠰᠢᠶᠡᠷᠡᠬᠦ ᠦᠭᠡᠢ᠂ ᠪᠤᠰᠤᠳ ᠨᠢᠭᠡᠴᠡ ᠳᠤ ᠮᠡᠳᠡᠭᠳᠡᠬᠦ ᠦᠭᠡᠢ᠃ | 2 . ᠴᠠᠬᠢᠯᠭᠠᠨ ᠡᠭᠦᠰᠬᠡᠭᠴᠢ ᠶᠢᠨ ᠬᠠᠮᠢᠶᠠᠷᠤᠯᠲᠠ᠃ ᠴᠠᠬᠢᠯᠭᠠᠨ ᠲᠦᠭᠡᠭᠡᠬᠦ ᠠᠪᠳᠠᠷ᠎ᠠ ︵ᠬᠤᠷᠭᠤ︶ ᠶᠢᠨ | ᠴᠠᠬᠢᠯᠭᠠᠨ ᠤᠲᠠᠰᠤᠨ ᠤ ᠵᠠᠯᠭᠠᠯᠲᠠ ᠨᠢ ᠵᠢᠷᠤᠮᠵᠢᠯ ᠦᠭᠡᠢ︔ ᠳᠦᠷᠢᠮ ᠢ ᠵᠥᠷᠢᠴᠡᠨ ᠠᠴᠢᠶ᠎ᠠ ᠶᠢ ᠨᠢ ᠠᠪᠴᠤ | ᠲᠠᠲᠠᠬᠤ᠂ ᠬᠠᠭᠠᠯᠲᠠ ᠶᠢ ᠨᠢ ᠨᠡᠶᠢᠯᠡᠭᠦᠯᠬᠦ︔ ᠴᠠᠬᠢᠯᠭᠠᠨ ᠤᠲᠠᠰᠤᠨ ᠤ ᠴᠠᠬᠢᠯᠭᠠᠨ ᠲᠠᠲᠠᠯᠭ᠎ᠠ ᠶᠢ ᠬᠤᠭᠤᠯᠠᠢ ᠪᠠᠷ | ᠬᠠᠮᠠᠭᠠᠯᠠᠭᠰᠠᠨ ᠦᠭᠡᠢ᠂ ᠠᠮᠠᠷᠬᠠᠨ ᠰᠢᠲᠠᠬᠤ ᠮᠠᠲ᠋ᠧᠷᠢᠶᠠᠯ ᠢ ᠰᠢᠭᠤᠳ ᠨᠡᠪᠲᠡᠯᠦᠨ ᠭᠠᠷᠴᠤ᠂ ᠨᠡᠭᠡᠭᠡᠯᠭᠡ᠂ | ᠤᠭᠯᠠᠭᠤᠷᠭ᠎ᠠ ᠶᠢ ᠰᠢᠭᠤᠳ ᠠᠮᠠᠷᠬᠠᠨ ᠰᠢᠲᠠᠬᠤ ᠮᠠᠲ᠋ᠧᠷᠢᠶᠠᠯ ᠳᠡᠭᠡᠷ᠎ᠡ ᠤᠭᠰᠠᠷᠠᠭᠰᠠᠨ︔ ᠭᠡᠷᠡᠯᠲᠦᠭᠦᠯᠭᠡ ᠶᠢᠨ | ᠳ᠋ᠧᠩ ᠤᠨ ᠬᠡᠷᠡᠭᠰᠡᠯ ᠨᠢ ᠰᠢᠲᠠᠮᠠᠬᠠᠢ ᠪᠣᠳᠠᠰ ᠲᠠᠢ ᠠᠮᠤᠷ ᠲᠦᠪᠰᠢᠨ ᠤ ᠨᠠᠶᠢᠳᠠᠪᠤᠷᠢᠲᠠᠢ ᠵᠠᠢ ᠶᠢ ᠪᠠᠲᠤᠯᠠᠭᠰᠠᠨ ᠦᠭᠡᠢ᠂ | ᠢᠯᠴᠢ ᠶᠢ ᠬᠥᠨᠳᠡᠶᠢᠷᠡᠭᠦᠯᠬᠦ᠂ ᠢᠯᠴᠢ ᠶᠢ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠦᠭᠡᠢ︔ | ᠦᠢᠯᠡᠳᠬᠦᠨ ᠤ ᠶᠠᠰᠤ ᠴᠢᠨᠠᠷ ᠤᠨ ᠭᠡᠷᠡᠴᠢᠯᠡᠯ ᠢ ᠳᠠᠮᠵᠢᠭᠰᠠᠨ ᠦᠭᠡᠢ ᠶᠡᠭᠡ ᠴᠢᠳᠠᠯᠲᠤ ᠴᠠᠬᠢᠯᠭᠠᠨ ᠬᠡᠷᠡᠭᠰᠡᠯ ᠪᠤᠶᠤ | ᠰᠢᠯᠵᠢᠮᠡᠯ ᠤᠭᠯᠠᠭᠤᠷᠭ᠎ᠠ ᠶᠢ ᠲᠣᠭᠲᠠᠭᠠᠯ ᠢ ᠵᠥᠷᠢᠴᠡᠨ ᠬᠡᠷᠡᠭᠯᠡᠭᠰᠡᠨ︔ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ | ︵ᠴᠠᠬᠢᠯᠭᠠᠨ ᠬᠤᠷᠢᠶᠠᠭᠤᠷ︶ ᠶᠢ ᠲᠣᠭᠲᠠᠭᠠᠯ ᠠᠴᠠ ᠵᠥᠷᠢᠴᠡᠨ ᠭᠡᠷ ᠳᠣᠲᠣᠷ᠎ᠠ ᠵᠣᠭᠰᠤᠭᠠᠬᠤ ᠪᠤᠶᠤ ᠴᠡᠨᠡᠭᠯᠡᠭᠰᠡᠨ︔ | ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢ ᠬᠥᠮᠥᠨ ᠤᠯᠠᠨ ᠴᠤᠭᠯᠠᠷᠠᠳᠠᠭ ᠲᠠᠯᠠᠪᠤᠷ ᠲᠤ | ᠪᠠᠶᠢᠷᠢᠯᠠᠭᠤᠯᠤᠭᠰᠠᠨ︔ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠦᠴᠢᠯᠲᠥ᠋ᠷᠥᠭᠴᠢ | ᠦᠢᠯᠡᠳᠬᠦ ᠥᠷᠲᠡᠭᠡ᠂ ᠬᠦᠴᠢᠯᠲᠥ᠋ᠷᠥᠭᠴᠢ ᠶᠢᠨ ᠯᠣᠩᠬᠤᠨ ᠤ ᠬᠤᠭᠤᠷᠣᠨᠳᠤ ᠳᠡᠯᠪᠡᠷᠡᠯᠲᠡ ᠶᠢ ᠰᠡᠷᠭᠡᠶᠢᠯᠡᠬᠦ ᠦᠭᠡᠢ | ᠴᠠᠬᠢᠯᠭᠠᠨ ᠬᠡᠷᠡᠭᠰᠡᠯ ᠤᠨ ᠲᠥᠬᠦᠭᠡᠷᠦᠮᠵᠢ᠂ ᠯᠢᠲ᠋ᠢ ᠢᠶᠤᠨ ᠤ ᠳ᠋ᠢᠶᠠᠨ ᡂᠢ ᠶᠢᠨ ᠡᠮᠴᠢᠯᠡᠭᠡᠨ ᠤ ᠲᠥᠬᠦᠭᠡᠷᠦᠮᠵᠢ ᠶᠢ | ᠲᠣᠭᠲᠠᠭᠠᠯ ᠠᠴᠠ ᠵᠥᠷᠢᠴᠡᠨ ᠬᠡᠷᠡᠭᠯᠡᠵᠦ᠂ ᠬᠦᠷᠳᠦᠲᠦ ᠰᠠᠨᠳᠠᠯᠢ ᠶᠢ ᠲᠣᠭᠲᠠᠭᠰᠠᠨ ᠠᠮᠤᠷ ᠲᠦᠪᠰᠢᠨ ᠣᠷᠣᠨ ᠳᠤ | ᠴᠡᠨᠡᠭᠯᠡᠭᠰᠡᠨ ᠦᠭᠡᠢ᠃ | 3. ᠨᠣᠴᠣᠮᠠᠲᠠᠭᠠᠢ ᠨᠣᠴᠣᠮᠠᠲᠠᠭᠠᠢ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠪᠠ ᠵᠠᠰᠠᠯ ᠴᠢᠮᠡᠭᠯᠡᠯ᠃ ᠬᠥᠮᠥᠨ | ᠣᠯᠠᠨ ᠴᠤᠭᠯᠠᠷᠠᠳᠠᠭ ᠲᠠᠯᠠᠪᠤᠷ ᠤᠨ ᠥᠷᠥᠭᠡᠨ ᠤ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠳᠤ ᠲᠣᠭᠲᠠᠭᠠᠯ ᠢ | ᠵᠥᠷᠢᠴᠡᠨ ᠪᠥᠭᠡᠭᠡᠨᠡᠷᠡᠯ ᠫᠷᠦᠫᠧᠨ᠂ ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠰᠢᠪᠲᠦᠷᠲᠦ ᠡᠰᠲ᠋ᠧᠷ᠂ ᠪᠥᠭᠡᠭᠡᠨᠡᠷᠡᠯ ᠹᠧᠨᠢᠯ | ᠡᠲ᠋ᠧᠨ ᠵᠡᠷᠭᠡ ᠮᠠᠲ᠋ᠧᠷᠢᠶᠠᠯ ᠤᠨ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ᠂ ᠢᠯᠠᠩᠭᠤᠶ᠎ᠠ ᠰᠦᠯᠢᠶᠥᠦ ᠨᠣᠭᠤᠭᠠᠨ | ᠤᠷᠭᠤᠮᠠᠯ ᠢ ᠬᠡᠷᠡᠭᠯᠡᠵᠦ᠂ ᠵᠠᠰᠠᠵᠤ ᠴᠢᠮᠡᠭᠯᠡᠭᠰᠡᠨ︔ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠭᠡᠷ ᠤᠨ | ᠳᠣᠲᠣᠷᠠᠬᠢ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠢ ᠲᠣᠭᠲᠠᠭᠠᠯ ᠢ ᠵᠥᠷᠢᠴᠡᠨ ᠬᠡᠷᠡᠭᠯᠡᠵᠦ᠂ ᠵᠠᠰᠠᠵᠤ ᠴᠢᠮᠡᠭᠯᠡᠭᠰᠡᠨ | ︔ ᠳᠦᠷᠢᠮ ᠢ ᠵᠥᠷᠢᠴᠡᠨ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠤᠨ ᠬᠠᠪᠴᠢᠮᠠᠯ ᠭᠤᠣᠯᠲᠤ ᠥᠩᠭᠡᠲᠦ ᠪᠣᠯᠣᠳ | ᠬᠠᠪᠲᠠᠰᠤ ᠶᠢᠨ ᠪᠠᠷᠢᠯᠭ᠎ᠠ ᠶᠢ ᠪᠠᠶᠢᠭᠤᠯᠬᠤ︔ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠲᠠᠯᠠᠪᠤᠷ ᠨᠢ | ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠤ ᠪᠣᠳᠠᠰ ᠢ ᠬᠠᠳᠠᠭᠠᠯᠠᠬᠤ ᠪᠠ ᠬᠡᠷᠡᠭᠯᠡᠭᠰᠡᠨ᠃ | 4. ᠠᠶᠤᠯ ᠦᠭᠡᠢ ᠪᠠᠷ ᠲᠠᠷᠬᠠᠭᠠᠬᠤ ᠨᠥᠬᠦᠴᠡᠯ᠃ ᠠᠰᠠᠷ ᠤᠨ ᠱᠠᠲᠤᠨ ᠤ ᠲᠤᠭ᠎ᠠ ᠬᠡᠮᠵᠢᠶ᠎ᠡ ᠨᠢ ᠬᠦᠷᠦᠯᠴᠡᠬᠦ | ᠦᠭᠡᠢ ᠪᠤᠶᠤ ᠲᠣᠬᠢᠷᠠᠭᠤᠯᠤᠭᠰᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ︔ ᠲᠠᠷᠬᠠᠭᠠᠬᠤ ᠵᠠᠮ᠂ ᠠᠮᠤᠷ ᠲᠦᠪᠰᠢᠨ | ᠭᠠᠷᠬᠤ ᠡᠭᠦᠳᠡ ᠶᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ︔ ᠬᠥᠮᠥᠨ ᠬᠠᠷ᠎ᠠ ᠬᠤᠷᠠᠨ ᠴᠤᠭᠯᠠᠷᠠᠳᠠᠭ | ᠲᠠᠯᠠᠪᠤᠷ ᠤᠨ ᠡᠭᠦᠳᠡ ᠴᠣᠩᠬᠤᠨ ᠳᠡᠭᠡᠷ᠎ᠡ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ | ᠨᠥᠯᠥᠭᠡᠯᠡᠬᠦ ᠰᠠᠭᠠᠳ ᠪᠣᠳᠠᠰ ᠢ ᠪᠠᠶᠢᠷᠢᠯᠠᠭᠤᠯᠬᠤ︔ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ᠂ ᠭᠡᠷᠡᠯᠲᠦᠭᠦᠯᠭᠡ᠂ ᠲᠠᠷᠬᠠᠭᠠᠨ ᠶᠠᠪᠤᠭᠤᠯᠬᠤ ᠵᠢᠭᠠᠯᠲᠠ ᠲᠡᠮᠳᠡᠭ ᠨᠢ ᠪᠦᠷᠢᠨ ᠪᠦᠲᠦᠨ ᠪᠥᠭᠡᠳ | ᠪᠦᠲᠦᠮᠵᠢᠲᠡᠶ ᠪᠠᠶᠢᠬᠤ ᠶᠢ ᠪᠠᠲᠤᠯᠠᠭᠰᠠᠨ ᠦᠭᠡᠢ︔ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ | ᠬᠦᠷᠢᠶᠡᠯᠡᠩ ᠤᠨ ᠬᠢᠨ ᠴᠢᠳᠠᠯ ᠲᠡᠩᠬᠡᠭᠡ ᠪᠠᠨ ᠠᠯᠳᠠᠭᠰᠠᠨ ᠪᠠ ᠬᠥᠳᠡᠯᠵᠦ ᠪᠠᠷᠢᠬᠤ ᠳᠤ ᠳᠥᠭᠦᠮ ᠦᠭᠡᠢ | ᠡᠪᠡᠳᠴᠢᠲᠡᠨ ᠢ ᠨᠡᠯᠢᠶᠡᠳ ᠳᠣᠣᠷ᠎ᠠ ᠠᠰᠠᠷ ᠤᠨ ᠳᠠᠪᠬᠤᠷᠭ᠎ᠠ ᠳᠤ ᠲᠣᠬᠢᠷᠠᠭᠤᠯᠤᠭᠰᠠᠨ ᠦᠭᠡᠢ᠂ ᠨᠡᠪᠲᠡᠷᠡᠬᠦ ᠵᠠᠮ᠂ | ᠠᠰᠠᠷ ᠤᠨ ᠱᠠᠲᠤᠨ ᠤ ᠬᠤᠭᠤᠷᠣᠨᠳᠤ ᠣᠷᠣ ᠨᠡᠮᠡᠭᠰᠡᠨ ᠦᠭᠡᠢ ᠠᠴᠠ ᠪᠣᠯᠵᠤ ᠬᠥᠮᠥᠰ ᠢ ᠲᠠᠷᠬᠠᠭᠠᠬᠤ ᠶᠢ ᠨᠦᠯᠦᠭᠡᠯᠡᠬᠦ | ︔ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠤᠨ ᠠᠳᠠᠯᠢ ᠪᠤᠰᠤ ᠲᠤᠰᠠᠭᠠᠷ ᠨᠢᠭᠡᠴᠡ ᠶᠢᠨ | ᠬᠤᠭᠤᠷᠣᠨᠳᠤ ᠰᠠᠯᠭᠠᠵᠤ ᠲᠠᠷᠬᠠᠭᠠᠬᠤ ᠵᠠᠮ ᠢ ᠡᠵᠡᠯᠡᠨ ᠬᠡᠷᠡᠭᠯᠡᠵᠦ᠂ ᠠᠶᠤᠯᠭᠦᠢ ᠭᠠᠷᠬᠤ ᠡᠭᠦᠳᠡ ᠶᠢ | ᠪᠢᠲᠡᠭᠦᠮᠵᠢᠯᠡᠬᠦ ᠳᠤ ᠲᠤᠰ ᠲᠤᠰ ᠤᠨ ᠲᠤᠰᠠᠭᠠᠷ ᠲᠠᠷᠬᠠᠭᠠᠬᠤ ᠠᠰᠠᠷ ᠤᠨ ᠱᠠᠲᠤ ᠶᠢ ᠪᠠᠲᠤᠯᠠᠵᠤ ᠴᠢᠳᠠᠬᠤ ᠦᠭᠡᠢ᠃ | 5. ᠭᠠᠯ ᠢ ᠰᠡᠷᠭᠡᠶᠢᠯᠡᠬᠦ ᠶᠢ ᠰᠠᠯᠭᠠᠬᠤ᠃ ᠱᠠᠭᠠᠷᠳᠠᠯᠭ᠎ᠠ ᠶᠣᠰᠣᠭᠠᠷ ᠭᠠᠯ ᠰᠡᠷᠭᠡᠶᠢᠯᠡᠬᠦ ᠬᠤᠪᠢᠶᠠᠷᠢ ᠲᠣᠭᠤᠷᠢᠭ | ᠭᠠᠷᠭᠠᠭᠰᠠᠨ ᠦᠭᠡᠢ︔ ᠭᠠᠯ ᠢ ᠰᠡᠷᠭᠡᠶᠢᠯᠡᠬᠦ ᠡᠭᠦᠳᠡ᠂ ᠡᠪᠬᠡᠮᠡᠯ ᠬᠥᠰᠢᠭᠡ ᠪᠠ ᠬᠡᠷᠡᠮ ᠵᠡᠷᠭᠡ ᠨᠢ ᠬᠦᠨᠳᠦ ᠨᠣᠴᠢᠲᠠᠢ | ᠡᠪᠳᠡᠭᠳᠡᠵᠦ᠂ ᠭᠠᠯ ᠢ ᠰᠡᠷᠭᠡᠶᠢᠯᠡᠬᠦ ᠵᠠᠭᠠᠭᠯᠠᠬᠤ ᠴᠢᠳᠠᠮᠵᠢ ᠦᠭᠡᠢ ᠪᠠᠶᠢᠬᠤ︔ ᠴᠠᠬᠢᠯᠭᠠᠨ ᠳᠡᠭᠡᠰᠦᠨ ᠤ ᠬᠤᠳᠳᠤᠭ᠂ | ᠬᠤᠭᠤᠯᠠᠢ ᠶᠢᠨ ᠬᠤᠳᠳᠤᠭ ᠵᠡᠷᠭᠡ ᠶᠢᠨ ᠭᠠᠯ ᠢ ᠰᠡᠷᠭᠡᠶᠢᠯᠡᠬᠦ ᠪᠢᠲᠡᠭᠦᠮᠵᠢᠯᠡᠯᠲᠡ ᠴᠢᠩᠭ᠎ᠠ ᠪᠢᠰᠢ︔ ᠬᠤᠯᠢᠮᠠᠭ | ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠲᠤ ᠲᠣᠭᠲᠠᠭᠠᠯ ᠠᠴᠠ ᠵᠥᠷᠢᠴᠡᠨ ᠠᠵᠢᠯᠲᠠᠨ ᠤ ᠪᠠᠶᠢᠷᠢ ᠭᠠᠷᠭᠠᠭᠰᠠᠨ᠃ | | 6. ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ᠃ ᠱᠠᠭᠠᠷᠳᠠᠯᠭ᠎ᠠ ᠶᠣᠰᠣᠭᠠᠷ ᠭᠡᠷ ᠳᠣᠲᠣᠷᠠᠬᠢ ᠭᠠᠯ | ᠤᠨᠲᠠᠷᠠᠭᠠᠭᠤᠯ ᠤᠨ ᠰᠢᠰᠲ᠋ᠧᠮ ᠢ ᠪᠠᠶᠢᠷᠢᠯᠠᠭᠤᠯᠤᠭᠰᠠᠨ ᠦᠭᠡᠢ᠂ ᠡᠰᠡᠬᠦᠯ᠎ᠡ ᠤᠰᠤᠨ ᠳᠠᠷᠤᠯᠲᠠ᠂ ᠤᠰᠤᠨ ᠤ | ᠬᠡᠮᠵᠢᠶ᠎ᠡ ᠨᠢ ᠭᠠᠯ ᠤᠨᠲᠠᠷᠠᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠬᠤ︔ ᠱᠠᠭᠠᠷᠳᠠᠯᠭ᠎ᠠ ᠶᠣᠰᠣᠭᠠᠷ | ᠭᠠᠯ ᠤᠨ ᠠᠶᠤᠯ ᠤᠨ ᠠᠦ᠋ᠲ᠋ᠣ᠋ ᠲᠦᠭᠰᠢᠭᠦᠷᠢ ᠮᠡᠳᠡᠭᠦᠯᠬᠦ᠂ ᠠᠦ᠋ᠲ᠋ᠣ᠋ ᠤᠰᠤ ᠰᠦᠷᠴᠢᠵᠦ ᠭᠠᠯ ᠤᠨᠲᠠᠷᠠᠭᠠᠬᠤ᠂ ᠬᠡᠢ | ᠪᠡᠶᠡᠲᠦ ᠭᠠᠯ ᠤᠨᠲᠠᠷᠠᠭᠠᠬᠤ᠂ ᠤᠲᠤᠭ᠎ᠠ ᠭᠠᠷᠬᠤ ᠶᠢ ᠰᠡᠷᠭᠡᠶᠢᠯᠡᠬᠦ ᠵᠡᠷᠭᠡ ᠪᠡᠯᠡᠳᠬᠡᠮᠵᠢ ᠶᠢ ᠪᠠᠶᠢᠷᠢᠯᠠᠭᠤᠯᠤᠭᠰᠠᠨ | ᠦᠭᠡᠢ᠂ ᠡᠰᠡᠬᠦᠯ᠎ᠡ ᠭᠠᠯ ᠤᠨᠲᠠᠷᠠᠭᠠᠬᠤ ᠪᠡᠯᠡᠳᠬᠡᠮᠵᠢ ᠶᠢᠨ ᠰᠢᠰᠲ᠋ᠧᠮ ᠡᠪᠳᠡᠷᠡᠵᠦ ᠲᠠᠮᠪᠠᠷᠠᠭᠠᠳ ᠬᠡᠪ ᠤᠨ ᠶᠣᠰᠣᠭᠠᠷ | ᠬᠡᠷᠡᠭᠯᠡᠬᠦ ᠶᠢᠨ ᠠᠷᠭ᠎ᠠ ᠦᠭᠡᠢ᠂ ᠭᠠᠯ ᠤᠨᠲᠠᠷᠠᠭᠠᠬᠤ ᠶᠢ ᠰᠡᠷᠭᠡᠶᠢᠯᠡᠬᠦ ᠴᠢᠳᠠᠮᠵᠢ ᠶᠢ ᠪᠦᠷᠢᠳᠦᠭᠦᠯᠦᠭᠰᠡᠨ ᠦᠭᠡᠢ᠃ | 7. ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠠᠯ ᠨᠣᠴᠣᠭᠠᠵᠤ ᠪᠠᠷᠢᠯᠭ᠎ᠠ | ᠪᠠᠷᠢᠬᠤ ᠶᠢ ᠬᠢᠨᠠᠨ ᠵᠥᠪᠰᠢᠶᠡᠷᠡᠬᠦ ᠳᠦᠷᠢᠮ᠂ ᠰᠥᠨᠢ ᠪᠠᠷ ᠵᠢᠵᠢᠭᠦᠷᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠭᠰᠠᠨ ᠦᠭᠡᠢ︔ ᠪᠥᠬᠦ ᠠᠵᠢᠯᠲᠠᠨ ᠤ ᠭᠠᠯ ᠤᠨᠲᠠᠷᠠᠭᠠᠬᠤ ᠪᠣᠯᠪᠠᠰᠤᠷᠠᠭᠤᠯᠤᠯ᠂ ᠲᠠᠷᠬᠠᠭᠠᠨ | ᠶᠠᠪᠤᠭᠤᠯᠬᠤ ᠰᠣᠷᠢᠯᠲᠠ ᠶᠢ ᠨᠠᠶᠢᠳᠠᠪᠤᠷᠢᠵᠢᠭᠤᠯᠤᠭᠰᠠᠨ ᠦᠭᠡᠢ︔ ᠭᠠᠯ ᠰᠡᠷᠭᠡᠶᠢᠯᠡᠨ ᠤᠨᠲᠠᠷᠠᠭᠠᠬᠤ ᠡᠵᠡᠮᠳᠡᠯ ᠤᠨ | ᠲᠠᠰᠤᠭ ᠤᠨ ᠬᠥᠮᠥᠰ᠂ ᠴᠠᠬᠢᠯᠭᠠᠨ ᠤ ᠠᠵᠢᠯᠴᠢᠨ᠂ ᠴᠠᠬᠢᠯᠭᠠᠨ ᠭᠠᠩᠨᠠᠭᠤᠷᠴᠢᠨ ᠵᠡᠷᠭᠡ ᠣᠨᠴᠠ ᠲᠦᠷᠦᠯ ᠤᠨ ᠠᠵᠢᠯ | ᠬᠢᠭᠰᠡᠳ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠤᠭᠰᠠᠨ ᠦᠭᠡᠢ᠂ ᠭᠠᠯ ᠰᠡᠷᠭᠡᠶᠢᠯᠡᠨ ᠤᠨᠲᠠᠷᠠᠭᠠᠬᠤ | ᠠᠶᠤᠯᠭᠦᠢ ᠶᠢᠨ ᠠᠵᠢᠯᠯᠠᠬᠤ ᠳᠦᠷᠢᠮ ᠢ ᠡᠵᠡᠮᠰᠢᠭᠰᠡᠨ ᠦᠭᠡᠢ︔ ᠠᠮᠤᠷ ᠢ ᠬᠠᠮᠠᠭᠠᠯᠠᠭᠴᠢ᠂ ᠰᠤᠪᠢᠯᠠᠭᠴᠢ᠂ | ᠬᠤᠨᠤᠭ ᠤᠨ ᠬᠠᠮᠢᠶᠠᠷᠤᠭᠴᠢ ᠵᠡᠷᠭᠡ ᠨᠢ ᠠᠮᠤᠷ ᠲᠦᠪᠰᠢᠨ ᠭᠠᠷᠬᠤ ᠡᠭᠦᠳᠡ ᠶᠢ ᠰᠠᠶᠢᠨ ᠮᠡᠳᠡᠬᠦ ᠦᠭᠡᠢ᠂ ᠵᠣᠬᠢᠶᠠᠨ | ᠪᠠᠶᠢᠭᠤᠯᠤᠯᠲᠠ ᠶᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠦᠭᠡᠢ︔ ᠡᠮᠨᠡᠯᠭᠡ ᠶᠢᠨ ᠬᠤᠷᠢᠶ᠎ᠠ᠂ | ᠨᠠᠰᠤᠲᠠᠨ ᠢ ᠠᠰᠠᠷᠠᠬᠤ ᠬᠦᠷᠢᠶᠡᠯᠡᠩ ᠳᠤ ᠰᠥᠨᠢ ᠪᠠᠷ ᠵᠢᠵᠢᠭᠦᠷᠯᠡᠬᠦ ᠬᠥᠮᠥᠨ ᠦᠭᠡᠢ ᠪᠤᠶᠤ ᠵᠢᠵᠢᠭᠦᠷᠯᠡᠭᠴᠢ ᠨᠢ | ᠵᠣᠬᠢᠶᠠᠨ ᠪᠠᠶᠢᠭᠤᠯᠤᠯᠲᠠ ᠶᠢᠨ ᠠᠵᠢᠯᠲᠠᠨ ᠢ ᠲᠠᠷᠬᠠᠭᠠᠬᠤ ᠴᠢᠳᠠᠪᠤᠷᠢ ᠦᠭᠡᠢ︔ ᠬᠤᠯᠢᠮᠠᠭ ᠦᠢᠯᠡᠳᠪᠦᠷᠢᠯᠡᠯ | ᠡᠵᠡᠩᠨᠡᠯᠲᠡ ᠶᠢᠨ ᠭᠠᠵᠠᠷ ᠲᠠᠯᠠᠪᠤᠷ ᠨᠢ ᠨᠢᠭᠡᠳᠦᠯᠲᠡᠢ ᠬᠠᠮᠢᠶᠠᠷᠬᠤ ᠨᠢᠭᠡᠴᠡ ᠶᠢ ᠲᠣᠳᠣᠷᠬᠠᠶᠢᠯᠠᠭᠰᠠᠨ ᠦᠭᠡᠢ᠂ ᠡᠯ᠎ᠡ | ᠨᠢᠭᠡᠴᠡ ᠶᠢᠨ ᠬᠤᠭᠤᠷᠣᠨᠳᠣᠬᠢ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠨᠢ ᠲᠣᠳᠣᠷᠬᠠᠢ ᠦᠭᠡᠢ᠂ | ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠦᠭᠡᠢ ᠪᠤᠶᠤ ᠲᠦᠷᠦᠭᠦᠯᠡᠨ ᠬᠢᠬᠦ ᠨᠢᠭᠡᠴᠡ ᠶᠢ ᠲᠣᠳᠣᠷᠬᠠᠶᠢᠯᠠᠭᠰᠠᠨ | ᠦᠭᠡᠢ᠂ ᠬᠠᠮᠲᠤ ᠪᠠᠷ ᠬᠡᠷᠡᠭᠯᠡᠵᠦ ᠪᠠᠶᠢᠭ᠎ᠠ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠡᠭᠦᠳᠡ᠂ | ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠳᠤ ᠬᠠᠮᠢᠶᠠᠷᠤᠯᠲᠠ ᠪᠠᠷ ᠳᠤᠲᠠᠮᠠᠭ ᠪᠠᠶᠢᠬᠤ︔ ᠲᠠᠯᠠᠪᠤᠷ ᠤᠨ | ᠭᠠᠯ ᠤᠨ ᠠᠶᠤᠯ ᠤᠨ ᠠᠶᠤᠯᠲᠤ ᠴᠢᠨᠠᠷ ᠤᠨ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠤᠭᠰᠠᠨ᠂ ᠵᠢᠱᠢᠶᠡᠯᠡᠪᠡᠯ | ᠤᠯᠠᠭᠠᠭᠴᠢᠨ ᠰᠢᠷ᠎ᠠ ᠲᠦᠷᠦᠯ ᠤᠨ ᠦᠢᠯᠡᠳᠪᠦᠷᠢ ᠶᠢᠨ ᠪᠠᠶᠢᠰᠢᠩ ᠢ ᠤᠯᠠᠭᠠᠨ ᠲᠦᠷᠦᠯ ᠤᠨ ᠦᠢᠯᠡᠳᠪᠦᠷᠢᠯᠡᠯ ᠤᠨ | ᠬᠠᠳᠠᠭᠠᠯᠠᠯᠲᠠ ᠪᠣᠯᠭᠠᠵᠤ᠂ ᠤᠯᠠᠭᠠᠨ ᠲᠦᠷᠦᠯ ᠤᠨ ᠦᠢᠯᠡᠳᠪᠦᠷᠢ ᠶᠢᠨ ᠪᠠᠶᠢᠰᠢᠩ ᠢ ᠬᠥᠬᠡ ᠬᠥᠬᠡᠭᠴᠢᠨ ᠲᠦᠷᠦᠯ ᠤᠨ | ᠦᠢᠯᠡᠳᠪᠦᠷᠢᠯᠡᠯ ᠤᠨ ᠬᠠᠳᠠᠭᠠᠯᠠᠯᠲᠠ ᠪᠣᠯᠭᠠᠵᠤ᠂ ᠭᠠᠯ ᠤᠨ ᠠᠶᠤᠯ ᠤᠨ ᠠᠶᠤᠯᠲᠤ ᠴᠢᠨᠠᠷ ᠢ ᠨᠡᠮᠡᠭᠳᠡᠭᠦᠯᠦᠨ᠎ᠡ᠃ | 8. ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠰᠢᠢᠳᠪᠦᠷᠢᠯᠡᠬᠦ᠃ ᠱᠠᠭᠠᠷᠳᠠᠯᠭ᠎ᠠ ᠶᠣᠰᠣᠭᠠᠷ ᠪᠢᠴᠢᠯ | ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠪᠠᠶᠢᠭᠤᠯᠤᠭᠰᠠᠨ ᠦᠭᠡᠢ ᠪᠤᠶᠤ ᠠᠩᠬᠠᠨ ᠤ ᠦᠶ᠎ᠡ ᠶᠢᠨ ᠭᠠᠯ | ᠤᠨᠲᠠᠷᠠᠭᠠᠵᠤ ᠠᠶᠤᠯ ᠠᠴᠠ ᠠᠪᠤᠷᠠᠬᠤ ᠬᠦᠴᠦᠨ ᠢ ᠲᠣᠳᠣᠷᠬᠠᠶᠢᠯᠠᠭᠰᠠᠨ ᠦᠭᠡᠢ︔ ᠲᠣᠰ ᠨᠢᠭᠡᠴᠡ ᠶᠢᠨ ᠢᠶᠠᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯᠯᠠᠵᠤ ᠪᠣᠯᠬᠤᠶᠢᠴᠠ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ | ᠠᠷᠭᠠᠴᠠᠭᠠᠨ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠭᠰᠠᠨ ᠦᠭᠡᠢ︔ ᠬᠤᠯᠢᠮᠠᠭ ᠦᠢᠯᠡᠳᠪᠦᠷᠢᠯᠡᠯ | ᠡᠵᠡᠩᠨᠡᠯᠲᠡ ᠶᠢᠨ ᠭᠠᠵᠠᠷ ᠤᠨ ᠭᠠᠯ ᠤᠨᠲᠠᠷᠠᠭᠠᠬᠤ ᠬᠠᠮᠲᠤᠷᠠᠭᠰᠠᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠭᠰᠠᠨ ᠦᠭᠡᠢ᠂ ᠭᠠᠯ ᠤᠨ ᠠᠶᠤᠯ ᠭᠠᠷᠤᠭᠰᠠᠨ ᠵᠡᠷᠭᠡ ᠪᠠᠴᠢᠮ ᠪᠠᠶᠢᠳᠠᠯ ᠭᠠᠷᠤᠭᠰᠠᠨ | ᠦᠶ᠎ᠡ ᠳᠤ ᠲᠡᠷᠡ ᠳᠠᠷᠤᠢ ᠳᠤᠨᠢ ᠮᠡᠳᠡᠭᠳᠡᠬᠦ ᠬᠥᠮᠥᠨ ᠦᠭᠡᠢ ᠪᠥᠭᠡᠳ ᠵᠣᠬᠢᠶᠠᠨ ᠪᠠᠶᠢᠭᠤᠯᠤᠨ ᠲᠠᠷᠬᠠᠭᠠᠭᠰᠠᠨ ᠦᠭᠡᠢ᠃ | | 9. ᠰᠢᠲᠠᠮᠠᠬᠠᠢ ᠬᠡᠢ ᠶᠢᠨ ᠬᠦᠷᠢᠶ᠎ᠡ ᠴᠠᠷᠠᠭ᠎ᠠ᠃ ᠬᠠᠳᠠᠭᠠᠯᠠᠬᠤ ᠬᠡᠢ ᠶᠢᠨ ᠯᠣᠩᠬᠤᠨ ᠤ ᠶᠡᠷᠦᠩᠬᠡᠢ ᠬᠦᠨᠳᠦ ᠶᠢᠨ | ᠬᠡᠮᠵᠢᠶ᠎ᠡ ᠨᠢ 100 ᠺᠢᠯᠣᠭ᠍ᠷᠠᠮ ᠠᠴᠠ ᠬᠡᠲᠦᠷᠡᠪᠡᠯ ᠭᠠᠯ ᠰᠡᠷᠭᠡᠶᠢᠯᠡᠬᠦ ᠳᠡᠯᠪᠡᠷᠡᠬᠦ ᠶᠢ ᠰᠡᠷᠭᠡᠶᠢᠯᠡᠬᠦ ᠱᠠᠭᠠᠷᠳᠠᠯᠭ᠎ᠠ ᠳᠤ | ᠨᠡᠶᠢᠴᠡᠭᠰᠡᠨ ᠲᠤᠰᠬᠠᠢ ᠬᠡᠷᠡᠭᠯᠡᠬᠦ ᠬᠡᠢ ᠶᠢᠨ ᠯᠣᠩᠬᠤᠨ ᠤ ᠲᠠᠰᠤᠯᠭ᠎ᠠ ᠭᠠᠷᠭᠠᠬᠤ ᠬᠡᠷᠡᠭᠲᠡᠢ︔ ᠬᠡᠷᠡᠭᠯᠡᠬᠦ ᠬᠡᠢ ᠶᠢᠨ | ᠯᠣᠩᠬᠤ ᠪᠠ ᠪᠡᠯᠡᠳᠬᠡᠯ ᠬᠡᠢ ᠶᠢᠨ ᠯᠣᠩᠬᠤ ᠶᠢ ᠰᠠᠯᠭᠠᠵᠤ ᠲᠠᠯᠪᠢᠬᠤ ᠬᠡᠷᠡᠭᠲᠡᠢ︔ ᠰᠢᠲᠠᠮᠠᠬᠠᠢ ᠬᠡᠢ ᠶᠢᠨ ᠵᠠᠯᠭᠠᠬᠤ | ᠵᠥᠭᠡᠯᠡᠨ ᠬᠤᠭᠤᠯᠠᠢ ᠶᠢᠨ ᠣᠷᠳᠣ ᠶᠢᠨ ᠬᠡᠮᠵᠢᠶ᠎ᠡ ᠶᠢ 2 ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ︽ | ᠭᠤᠷᠪᠠ ᠶᠢ ᠨᠡᠪᠲᠡᠷᠡᠭᠦᠯᠬᠦ︾ ᠶᠢ ᠳᠤᠷ᠎ᠠ ᠪᠠᠷ ᠢᠶᠠᠨ ᠵᠠᠯᠭᠠᠬᠤ ᠪᠤᠶᠤ ᠬᠡᠷᠡᠮ᠂ ᠡᠭᠦᠳᠡ ᠴᠣᠩᠬᠤ᠂ ᠳᠡᠭᠡᠪᠦᠷ ᠪᠠ | ᠭᠠᠵᠠᠷ ᠤᠨ ᠭᠠᠳᠠᠷᠭᠤ ᠶᠢ ᠨᠡᠪᠲᠡᠯᠦᠨ ᠭᠠᠷᠬᠤ ᠶᠢ ᠴᠢᠩᠭ᠎ᠠ ᠴᠠᠭᠠᠵᠠᠯᠠᠨ᠎ᠠ︔ ᠰᠢᠲᠠᠮᠠᠬᠠᠢ ᠬᠡᠢ ᠶᠢ ᠬᠡᠷᠡᠭᠯᠡᠬᠦ ᠲᠠᠯᠠᠪᠤᠷ | ᠭᠠᠵᠠᠷ ᠨᠢ ᠰᠢᠲᠠᠮᠠᠬᠠᠢ ᠬᠡᠢ ᠶᠢᠨ ᠬᠠᠶᠢᠭᠤᠷ ᠵᠢᠴᠢ ᠰᠢᠲᠠᠮᠠᠬᠠᠢ ᠬᠡᠢ ᠶᠢᠨ ᠪᠠᠴᠢᠮ ᠲᠠᠰᠤᠯᠬᠤ ᠨᠡᠭᠡᠯᠡᠭᠡᠢ ᠶᠢ | ᠵᠢᠷᠤᠮᠵᠢᠭᠤᠯᠤᠨ ᠤᠭᠰᠠᠷᠠᠵᠤ ᠬᠡᠷᠡᠭᠯᠡᠬᠦ ᠬᠡᠷᠡᠭᠲᠡᠢ᠃ | ᠲᠠᠪᠤ᠂ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠪᠣᠯᠣᠨ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ᠃ | ᠡᠯ᠎ᠡ ᠨᠢᠭᠡᠴᠡ ᠨᠦᠭᠦᠳ ᠠᠵᠢᠯᠲᠠᠳ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠭᠠᠯ | ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠬᠢᠯᠭᠡᠵᠦ᠂ ︽ᠠᠵᠢᠯ ᠳᠤ ᠣᠷᠣᠬᠤ ᠳᠤ ᠵᠠᠪᠠᠯ ᠪᠣᠯᠪᠠᠰᠤᠷᠠᠭᠤᠯᠬᠤ᠂ | ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ᠂ ᠠᠵᠢᠯ ᠤᠨ ᠪᠠᠶᠢᠷᠢ ᠰᠣᠯᠢᠵᠤ ᠡᠭᠡᠯᠵᠢᠯᠡᠨ ᠪᠣᠯᠪᠠᠰᠤᠷᠠᠭᠤᠯᠬᠤ | ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠠᠵᠢᠯᠲᠠᠨ ᠠᠵᠢᠯᠴᠢᠳ ᠤᠨ ᠭᠠᠯ ᠤᠨ ᠠᠶᠤᠯ ᠤᠨ ᠲᠠᠯᠳᠠ | ᠭᠡᠮ ᠢ ᠪᠠᠶᠢᠴᠠᠭᠠᠨ ᠠᠷᠢᠯᠭᠠᠬᠤ᠂ ᠠᠩᠬ᠎ᠠ ᠭᠠᠷᠤᠭᠰᠠᠨ ᠭᠠᠯ ᠤᠨ ᠠᠶᠤᠯ ᠢ ᠵᠣᠬᠢᠶᠠᠨ ᠪᠠᠶᠢᠭᠤᠯᠤᠨ ᠤᠨᠲᠠᠷᠠᠭᠠᠬᠤ᠂ | ᠬᠥᠮᠥᠰ ᠢ ᠵᠣᠬᠢᠶᠠᠨ ᠪᠠᠶᠢᠭᠤᠯᠤᠨ ᠲᠠᠷᠬᠠᠭᠠᠨ ᠠᠮᠢ ᠵᠢᠭᠤᠲᠠᠭᠤᠯᠬᠤ ᠪᠠ ᠭᠠᠯ ᠤᠨᠲᠠᠷᠠᠭᠠᠬᠤ ᠤᠬᠠᠭᠤᠯᠭ᠎ᠠ | ᠬᠥᠮᠦᠵᠢᠯ ᠤᠨ ᠪᠣᠯᠪᠠᠰᠤᠷᠠᠭᠤᠯᠤᠯ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠭᠠᠯ ᠤᠨᠲᠠᠷᠠᠭᠠᠬᠤ | ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠤᠨ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠪᠠ ᠳᠡᠭᠡᠭᠰᠢᠯᠡᠭᠦᠯᠬᠦ ᠬᠡᠷᠡᠭᠲᠡᠢ᠃ | | ᠵᠢᠷᠭᠤᠭ᠎ᠠ᠂ ᠬᠠᠮᠲᠤᠷᠠᠨ ᠬᠠᠤᠯᠢ ᠬᠡᠷᠡᠭᠵᠢᠭᠦᠯᠬᠦ ᠪᠠ ᠪᠠᠶᠢᠴᠠᠭᠠᠬᠤ᠃ | ᠹᠧᠩᠵᠧᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠤᠯᠪᠣᠭᠳᠠᠯ | ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠪᠠᠨ | ᠳᠣᠲᠣᠷᠠᠬᠢ ᠨᠡᠶᠢᠭᠡᠮ ᠤᠨ ᠨᠢᠭᠡᠴᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ | ᠪᠠᠶᠢᠴᠠᠭᠠᠯᠲᠠ ᠳᠤ ᠢᠯᠡᠷᠡᠭᠦᠯᠦᠭᠰᠡᠨ ᠭᠠᠯ ᠤᠨ ᠭᠠᠮᠰᠢᠭ ᠤᠨ ᠳᠠᠯᠳᠠ ᠬᠡᠮ ᠢ ᠬᠠᠤᠯᠢ ᠶᠣᠰᠣᠭᠠᠷ ᠡᠷᠡᠰ ᠰᠢᠮᠳᠠᠭᠤᠯᠤᠨ | ᠥᠭᠡᠷᠡᠴᠢᠯᠡᠵᠦ᠂ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠵᠦ | ᠳᠡᠶᠢᠯᠬᠦ ᠶᠢ ᠨᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠭᠦᠯᠬᠦ ᠬᠡᠷᠡᠭᠲᠡᠢ︔ ᠲᠦᠷ ᠴᠠᠭ | ᠴᠡᠭᠴᠡᠯᠡᠨ ᠰᠠᠶᠢᠵᠢᠷᠠᠭᠤᠯᠬᠤ ᠳᠤ ᠪᠡᠷᠬᠡᠲᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠠᠬᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ︔ ᠣᠯᠠᠨᠲᠠ ᠴᠠᠭᠠᠵᠠᠯᠠᠭᠰᠠᠨ ᠴᠤ ᠤᠳᠠᠭᠠᠰᠢᠷᠠᠭᠤᠯᠤᠭᠠᠳ ᠥᠯᠥ ᠵᠠᠰᠠᠬᠰᠠᠳ ᠢ ᠭᠠᠯ | ᠤᠨᠲᠠᠷᠠᠭᠠᠬᠤ ᠠᠮᠤᠷ ᠲᠦᠪᠰᠢᠨ ᠤ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠳᠤ ᠣᠷᠣᠭᠤᠯᠤᠨ | ᠬᠤᠯᠪᠤᠭᠠᠯᠠᠨ ᠵᠠᠯᠬᠠᠭᠠᠨ ᠴᠡᠭᠡᠷᠯᠡᠭᠦᠯᠦᠨ᠎ᠡ︔ ᠬᠠᠤᠯᠢ ᠪᠤᠰᠤ ᠪᠠᠷ ᠡᠵᠡᠩᠨᠡᠭᠰᠡᠨ ᠪᠤᠶᠤ ᠭᠠᠯ ᠰᠡᠷᠭᠡᠶᠢᠯᠡᠨ | ᠤᠨᠲᠠᠷᠠᠭᠠᠬᠤ ᠠᠶᠤᠯᠭᠦᠢ ᠶᠢᠨ ᠨᠥᠬᠦᠴᠡᠯ ᠳᠤ ᠨᠡᠶᠢᠴᠡᠬᠦ ᠦᠭᠡᠢ ᠨᠢᠭᠡᠴᠡ ᠶᠢ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠴᠠᠭᠠᠵᠠᠯᠠᠨ᠎ᠠ︔ ᠭᠠᠯ ᠤᠨ ᠠᠶᠤᠯ ᠤᠨ ᠲᠠᠯᠳᠠ ᠭᠡᠮ ᠢ ᠴᠠᠭ ᠲᠤᠬᠠᠢ ᠳᠤᠨᠢ | ᠠᠷᠢᠯᠭᠠᠬᠤ ᠦᠭᠡᠢ ᠪᠣᠯ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠤ ᠬᠦᠨᠳᠦ ᠨᠣᠴᠢᠲᠠᠢ ᠰᠦᠷᠳᠡᠭᠦᠯᠦᠯ | ᠪᠣᠯᠵᠤ ᠮᠡᠳᠡᠬᠦ ᠥᠩᠭᠡᠲᠦ ᠪᠣᠯᠣᠳ ᠬᠠᠪᠲᠠᠰᠤ ᠶᠢᠨ ᠪᠠᠷᠢᠯᠭ᠎ᠠ ᠪᠣᠯᠣᠨ ᠬᠥᠮᠥᠨ ᠤᠯᠠᠨ ᠬᠤᠷᠠᠵᠤ ᠴᠤᠭᠯᠠᠷᠠᠬᠤ ᠭᠠᠵᠠᠷ | ᠵᠡᠷᠭᠡ ᠳᠤ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠶᠠᠭᠠᠬᠢᠭᠰᠠᠨ ᠴᠤ ᠭᠠᠮᠰᠢᠭ ᠪᠣᠯᠬᠤ ᠦᠭᠡᠢ᠃ | ᠳᠣᠯᠤᠭ᠎ᠠ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ᠃ | ᠡᠯ᠎ᠡ ᠨᠡᠶᠢᠭᠡᠮ ᠤᠨ ᠨᠢᠭᠡᠴᠡ ᠨᠦᠭᠦᠳ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠥᠭᠡᠷᠡᠴᠢᠯᠡᠬᠦ ᠠᠵᠢᠯ ᠢ | ᠥᠷᠨᠢᠭᠦᠯᠬᠦ ᠳᠡᠭᠡᠨ ᠲᠦᠭᠰᠢᠭᠦᠷᠢ ᠶᠢ ᠥᠪᠡᠷ ᠲᠡᠭᠡᠨ ᠦᠨᠡᠯᠡᠵᠦ᠂ ᠠᠮᠤᠷ ᠲᠦᠪᠰᠢᠨ ᠢ ᠥᠪᠡᠷ ᠲᠡᠭᠡᠨ ᠪᠠᠶᠢᠴᠠᠭᠠᠵᠤ᠂ | ᠳᠠᠯᠳᠠ ᠬᠡᠮ ᠢ ᠥᠪᠡᠷ ᠲᠡᠭᠡᠨ ᠥᠭᠡᠷᠡᠴᠢᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ | ᠲᠦᠭᠰᠢᠭᠦᠷᠢ ᠶᠢᠨ ᠳᠠᠯᠳᠠ ᠬᠡᠮ ᠤᠨ ᠡᠬᠡ ᠲᠠᠩᠰᠠ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠪᠢᠲᠡᠭᠦᠦ | ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠡᠯᠡ ᠮᠥᠩᠭᠦ᠂ ᠬᠤᠭᠤᠴᠠᠭ᠎ᠠ ᠬᠢᠵᠠᠭᠠᠷ | ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ | ᠡᠯ᠎ᠡ ᠨᠡᠶᠢᠭᠡᠮ ᠤᠨ ᠨᠢᠭᠡᠴᠡ ᠨᠦᠭᠦᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠳᠠᠷᠤᠶᠢᠬᠠᠨ ᠬᠥᠳᠡᠯᠦᠯᠴᠡᠵᠦ᠂ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠲᠤᠰ | ᠨᠢᠭᠡᠴᠡ ᠶᠢᠨ ᠢᠶᠠᠨ ᠤᠯᠠᠨ ᠨᠡᠶᠢᠲᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠦᠨᠡᠨᠬᠦ ᠪᠠᠲᠤᠯᠠᠬᠤ | ᠬᠡᠷᠡᠭᠲᠡᠢ᠃ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠹᠧᠩᠵᠧᠨ ᠬᠤᠲᠠ ᠶᠢᠨ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ | ᠃ | ᠹᠧᠩᠵᠧᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠥᠷᠭᠡᠨ ᠣᠯᠠᠨ | ᠨᠢᠭᠡᠴᠡ ᠶᠢᠨ ᠬᠠᠷᠢᠭᠤᠴᠠᠯᠭᠠᠲᠠᠨ ᠪᠠ ᠠᠵᠢᠯᠲᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ | ᠬᠦᠨᠳᠦ ᠪᠠᠶᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ | ᠪᠠᠶᠢᠭ᠎ᠠ ᠪᠣᠯᠬᠤᠷ ᠶᠠᠭᠠᠬᠢᠭᠰᠠᠨ ᠴᠤ ᠬᠥᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠃ ᠪᠢᠳᠡ ᠬᠠᠮᠲᠤ ᠪᠠᠷ | ᠴᠢᠷᠮᠠᠶᠢᠵᠤ ᠪᠠᠶᠢᠭᠠᠳ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠡᠭᠦᠳᠦᠨ | ᠪᠠᠶᠢᠭᠤᠯᠬᠤ ᠶᠢᠨ ᠲᠥᠯᠥᠭᠡ ᠭᠠᠷ ᠭᠠᠷ ᠢᠶᠠᠨ ᠬᠤᠯᠪᠤᠯᠴᠠᠨ ᠬᠠᠮᠲᠤ ᠪᠠᠷ ᠤᠷᠤᠭᠰᠢᠯᠠᠶ᠎ᠠ᠃ | | | ᠹᠧᠩᠵᠧᠨ ᠬᠤᠲᠠ ᠶᠢᠨ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ | 2024 ᠣᠨ ᠤ 1 ᠰᠠᠷ᠎ᠠ ᠶᠢᠨ 29 ᠤ ᠡᠳᠦᠷ | | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |