| ᠮᠠᠯ ᠤᠨ ᠡᠭᠦᠯᠳᠡᠷ ᠰᠠᠶᠢᠵᠢᠷᠠᠭᠤᠯᠬᠤ ᠭᠡᠳᠡᠭ ᠪᠣᠯ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠪᠠ ᠠᠷᠠᠴᠢᠯᠠᠭ᠎ᠠ | ᠮᠠᠯᠵᠢᠯᠭ᠎ᠠ ᠶᠢᠨ ᠬᠠᠮᠢᠶᠠᠷᠤᠯᠲᠠ ᠵᠡᠷᠭᠡ ᠣᠳᠣ ᠦᠶ᠎ᠡ ᠶᠢᠨ ᠮᠡᠷᠭᠡᠵᠢᠯ ᠤᠨ ᠠᠷᠭ᠎ᠠ ᠪᠠᠷ ᠳᠠᠮᠵᠢᠨ᠂ ᠮᠠᠯ ᠤᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠮᠠᠯ ᠤᠨ ᠲᠤᠭ᠎ᠠ ᠨᠣᠷᠮ᠎ᠠ ᠶᠢ ᠥᠷᠭᠡᠳᠬᠡᠵᠦ᠂ | ᠦᠢᠯᠡᠳᠪᠦᠷᠢᠯᠡᠯ ᠤᠨ ᠴᠢᠳᠠᠯ ᠴᠢᠳᠠᠪᠤᠷᠢ ᠶᠢ ᠨᠢ ᠨᠡᠩ ᠶᠡᠬᠡᠪᠡᠷ ᠪᠠᠳᠠᠷᠠᠭᠤᠯᠵᠤ᠂ ᠨᠡᠩ ᠣᠯᠠᠨ᠂ ᠨᠡᠩ ᠰᠠᠶᠢᠨ | ᠮᠠᠯ ᠤᠨ ᠠᠰᠢᠭ ᠰᠢᠮ᠎ᠡ ᠦᠢᠯᠡᠳᠪᠦᠷᠢᠯᠡᠨ ᠭᠠᠷᠭᠠᠵᠤ᠂ ᠨᠡᠶᠢᠭᠡᠮ ᠪᠠ ᠠᠷᠠᠳ ᠤᠨ ᠠᠮᠢᠳᠤᠷᠠᠯ ᠤᠨ ᠡᠳᠦᠷ ᠢᠷᠡᠬᠦᠶ᠎ᠡ | ᠳᠡᠭᠡᠭᠰᠢᠯᠡᠵᠦ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠡᠯᠡᠨ᠎ᠡ᠃ | ᠨᠢᠭᠡ᠂ ᠡᠭᠦᠯᠳᠡᠷ ᠪᠤᠶᠢᠵᠢᠭᠤᠯᠬᠤ ᠣᠳᠣᠬᠠᠨ ᠳᠤ ᠮᠠᠨ ᠤ ᠠᠶᠢᠮᠠᠭ ᠤᠨ ᠪᠤᠶᠢᠵᠢᠭᠤᠯᠵᠤ ᠪᠠᠶᠢᠭ᠎ᠠ ᠡᠭᠦᠯᠳᠡᠷ ᠲᠤ | ᠥᠪᠥᠷ ᠮᠣᠩᠭᠤᠯ ᠤᠨ ᠨᠠᠷᠢᠨ ᠨᠣᠣᠰᠣᠳᠣ ᠬᠤᠨᠢ᠂ ᠲᠠᠯ᠎ᠠ ᠨᠤᠲᠤᠭ ᠤᠨ ᠤᠯᠠᠭᠠᠨ ᠦᠬᠡᠷ᠂ ᠰᠢᠯᠢ ᠶᠢᠨ ᠭᠤᠣᠯ | ᠠᠳᠤᠭᠤ᠂ ᠰᠣᠩᠭᠤᠨ ᠪᠤᠶᠢᠵᠢᠭᠤᠯᠵᠤ ᠪᠠᠶᠢᠭ᠎ᠠ ᠡᠭᠦᠯᠳᠡᠷ ᠲᠤ ᠦᠵᠦᠮᠦᠴᠢᠨ ᠬᠤᠨᠢ᠂ ᠦᠵᠦᠮᠦᠴᠢᠨ ᠨᠣᠯᠣᠣᠷ ᠤᠨ | ᠴᠠᠭᠠᠨ ᠢᠮᠠᠭ᠎ᠠ᠂ ᠰᠥᠨᠢᠳ ᠬᠤᠨᠢ᠂ ᠤᠷᠢᠶᠠᠩᠬᠠᠨ ᠬᠤᠨᠢ ᠪᠤᠢ᠃ ᠣᠳᠣᠬᠠᠨ ᠪᠠ ᠬᠤᠶᠢᠰᠢᠳᠠ ᠣᠷᠣᠨ | ᠨᠤᠲᠤᠭ ᠤᠨ ᠰᠠᠶᠢᠨ ᠡᠭᠦᠯᠳᠡᠷ ᠤᠨ ᠦᠷ᠎ᠡ ᠶᠢᠨ ᠮᠠᠯ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠱᠠᠯᠠᠪᠳᠠᠨ | ᠪᠠᠶᠢᠭᠤᠯᠵᠤ᠂ ᠦᠵᠦᠮᠦᠴᠢᠨ ᠬᠤᠨᠢᠨ ᠤ ᠣᠭ ᠡᠭᠦᠯᠳᠡᠷ ᠤᠨ ᠲᠠᠯᠠᠪᠠᠢ᠂ ᠦᠵᠦᠮᠦᠴᠢᠨ ᠨᠣᠯᠣᠣᠷ ᠤᠨ ᠴᠠᠭᠠᠨ | ᠢᠮᠠᠭᠠᠨ ᠤ ᠣᠭ ᠡᠭᠦᠯᠳᠡᠷ ᠤᠨ ᠲᠠᠯᠠᠪᠠᠢ᠂ ᠰᠥᠨᠢᠳ ᠬᠤᠨᠢᠨ ᠤ ᠣᠭ ᠡᠭᠦᠯᠳᠡᠷ ᠤᠨ ᠲᠠᠯᠠᠪᠠᠢ ᠪᠠᠷ | ᠲᠣᠯᠣᠭᠠᠶᠢᠯᠠᠭᠤᠯᠤᠭᠰᠠᠨ᠂ ᠡᠭᠦᠯᠳᠡᠷ ᠤᠨ ᠮᠠᠯ ᠤᠨ ᠲᠤᠰᠬᠠᠢ ᠡᠷᠦᠬᠡ ᠪᠠᠷ ᠨᠥᠬᠦᠪᠥᠷᠢ ᠪᠣᠯᠭᠠᠭᠰᠠᠨ ᠡᠭᠦᠯᠳᠡᠷ ᠤᠨ | ᠮᠠᠯ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠱᠠᠯᠠᠪᠳᠠᠨ ᠪᠠᠶᠢᠭᠤᠯᠵᠤ᠂ ᠡᠭᠦᠯᠳᠡᠷ ᠤᠨ ᠮᠠᠯ ᠤᠨ ᠵᠠᠬ᠎ᠠ | ᠳᠡᠯᠭᠡᠭᠦᠷ ᠢ ᠵᠢᠷᠤᠮᠵᠢᠭᠤᠯᠵᠤ᠂ ᠵᠢᠱᠢᠭᠰᠡᠨ ᠦᠷ᠎ᠡ ᠪᠦᠲᠦᠮᠵᠢ ᠪᠠᠨ ᠣᠯᠬᠤ ᠬᠡᠷᠡᠭᠲᠡᠢ᠃ | ᠬᠤᠶᠠᠷ᠂ ᠭᠠᠷ ᠬᠡᠭᠡᠯᠲᠦᠭᠦᠯᠭᠡ ᠬᠢᠬᠦ ᠭᠠᠷ ᠬᠡᠭᠡᠯᠲᠦᠭᠦᠯᠭᠡ ᠬᠢᠬᠦ ᠭᠡᠳᠡᠭ ᠪᠣᠯ᠂ ᠵᠣᠬᠢᠶᠠᠮᠠᠯ ᠠᠷᠭ᠎ᠠ ᠪᠠᠷ ︵ | ᠭᠠᠷ ᠢᠶᠠᠷ ᠪᠤᠶᠤ ᠮᠠᠰᠢᠨ ᠢᠶᠠᠷ︶ ᠠᠶᠠᠨᠳᠠᠭᠠᠨ ᠤ ᠬᠡᠭᠡᠯᠲᠦᠭᠦᠯᠭᠡ ᠶᠢ ᠣᠷᠣᠯᠠᠭᠤᠯᠤᠨ ᠡᠬᠡ ᠮᠠᠯ ᠳᠤ ᠦᠷ᠎ᠡ | ᠲᠣᠭᠲᠠᠭᠠᠨ ᠬᠡᠭᠡᠯᠲᠦᠭᠦᠯᠵᠦ ᠦᠷᠡᠵᠢᠭᠦᠯᠬᠦ ᠨᠢᠭᠡᠨ ᠵᠦᠢᠯ ᠤᠨ ᠮᠡᠷᠭᠡᠵᠢᠯ ᠪᠣᠯᠤᠨ᠎ᠠ᠃ ᠭᠤᠣᠯᠳᠠᠭᠤ ᠦᠷ᠎ᠡ ᠠᠪᠬᠤ᠂ | ᠦᠷ᠎ᠡ ᠶᠢ ᠪᠠᠶᠢᠴᠠᠭᠠᠬᠤ᠂ ᠰᠢᠩᠭᠡᠷᠡᠭᠦᠯᠬᠦ᠂ ᠬᠠᠳᠠᠭᠠᠯᠠᠬᠤ᠂ ᠵᠥᠭᠡᠭᠡᠪᠦᠷᠢᠯᠡᠬᠦ ᠪᠠ ᠦᠷ᠎ᠡ ᠳᠠᠮᠵᠢᠭᠤᠯᠬᠤ ᠵᠡᠷᠭᠡ | ᠮᠡᠷᠭᠡᠵᠢᠯ ᠤᠨ ᠭᠤᠣᠯ ᠭᠤᠭᠴᠤᠭ᠎ᠠ ᠪᠤᠢ᠃ ᠲᠡᠷᠡ ᠪᠣᠯ ᠠᠶᠠᠨᠳᠠᠭᠠᠨ ᠤ ᠬᠡᠭᠡᠯᠲᠦᠭᠦᠯᠭᠡ ᠶᠢᠨ ᠰᠠᠭᠤᠷᠢᠨ ᠳᠡᠭᠡᠷ᠎ᠡ | ᠬᠥᠭᠵᠢᠭᠰᠡᠨ ᠨᠢᠭᠡᠨ ᠵᠦᠢᠯ ᠤᠨ ᠰᠢᠨ᠎ᠡ ᠮᠡᠷᠭᠡᠵᠢᠯ ᠪᠠᠶᠢᠵᠤ᠂ ᠲᠡᠭᠦᠨ ᠢ ᠬᠥᠭᠵᠢᠭᠦᠯᠵᠦ᠂ ᠳᠡᠯᠭᠡᠷᠡᠭᠦᠯᠵᠦ ᠬᠡᠷᠡᠭᠯᠡᠬᠦ ᠨᠢ | ᠮᠠᠯ ᠥᠰᠬᠡᠵᠦ ᠦᠷᠡᠵᠢᠭᠦᠯᠬᠦ ᠮᠡᠷᠭᠡᠵᠢᠯ ᠤᠨ ᠲᠠᠯ᠎ᠠ ᠪᠠᠷ ᠬᠢ ᠴᠢᠬᠤᠯᠠ ᠶᠡᠭᠡ ᠥᠭᠡᠷᠡᠴᠢᠯᠡᠯᠲᠡ ᠪᠣᠯᠵᠤ ᠪᠠᠶᠢᠨ᠎ᠠ᠃ | ᠡᠨᠡᠬᠦ ᠮᠡᠷᠭᠡᠵᠢᠯ ᠤᠨ ᠬᠡᠷᠡᠭᠯᠡᠯᠲᠡ ᠨᠢ ᠮᠠᠯ ᠤᠨ ᠬᠡᠭᠡᠯᠲᠦᠭᠦᠯᠭᠡ ᠶᠢᠨ ᠶᠠᠪᠤᠴᠠ ᠶᠢ ᠪᠦᠲᠦᠮᠵᠢᠲᠡᠢ ᠥᠭᠡᠷᠡᠴᠢᠯᠡᠭᠰᠡᠨ | ᠮᠥᠷᠲᠡᠭᠡᠨ ᠡᠷ᠎ᠡ ᠮᠠᠯ ᠤᠨ ᠬᠡᠭᠡᠯᠲᠦᠭᠦᠯᠭᠡ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠡᠢ᠃ ᠢᠯᠠᠩᠭᠤᠶ᠎ᠠ ᠢᠴᠡᠭᠡᠯ | ᠦᠷ᠎ᠡ ᠶᠢᠨ ᠬᠡᠭᠡᠯᠲᠦᠭᠦᠯᠭᠡ ᠶᠢ ᠬᠡᠷᠡᠭᠯᠡᠭᠰᠡᠨ ᠠᠴᠠ ᠨᠢᠭᠡ ᠰᠢᠯᠢᠳᠡᠭ ᠪᠤᠬ᠎ᠠ ᠵᠢᠯ ᠳᠤ ᠬᠠᠮᠤᠭ ᠥᠨᠳᠥᠷ ᠲᠡᠭᠡᠨ ᠨᠢᠭᠡ | ᠲᠦᠮᠡ ᠭᠠᠷᠤᠢ ᠦᠨᠢᠶᠡᠨ ᠳᠤ ᠬᠡᠬᠡᠯ ᠠᠪᠤᠭᠤᠯᠵᠤ᠂ ᠡᠭᠦᠨ ᠢᠶᠠᠷ ᠳᠠᠮᠵᠢᠨ ᠦᠷ᠎ᠡ ᠶᠢᠨ ᠮᠠᠯ ᠲᠡᠵᠢᠭᠡᠬᠦ ᠲᠤᠭ᠎ᠠ ᠶᠢ | ᠪᠠᠭᠠᠰᠬᠠᠵᠤ᠂ ᠦᠢᠯᠡᠳᠪᠦᠷᠢᠯᠡᠯ ᠤᠨ ᠵᠠᠷᠤᠳᠠᠯ ᠢ ᠠᠷᠪᠢᠯᠠᠵᠤ ᠴᠢᠳᠠᠵᠠᠢ᠃ ᠮᠠᠨ ᠤ ᠠᠶᠢᠮᠠᠭ ᠦᠬᠡᠷ ᠤᠨ ᠢᠴᠡᠭᠡᠯ | ᠦᠷ᠎ᠡ ᠶᠢᠨ ᠬᠡᠭᠡᠯᠲᠦᠭᠦᠯᠭᠡ ᠪᠠ ᠬᠤᠨᠢᠨ ᠤ ᠭᠠᠷ ᠬᠡᠭᠡᠯᠲᠦᠭᠦᠯᠭᠡ ᠶᠢᠨ ᠲᠠᠯ᠎ᠠ ᠪᠠᠷ ᠢᠯᠡᠳᠲᠡ ᠠᠮᠵᠢᠯᠲᠠ ᠣᠯᠪᠠ᠃ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠮᠠᠨ ᠤ ᠠᠶᠢᠮᠠᠭ ᠲᠤ ᠨᠢᠭᠡᠨᠲᠡ 30 ᠵᠢᠯ ᠤᠨ ᠬᠥᠭᠵᠢᠯᠲᠡ ᠶᠢᠨ | ᠲᠡᠦᠬᠡ ᠲᠠᠢ ᠪᠣᠯᠵᠤ᠂ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠬᠡᠪᠴᠢᠶ᠎ᠡ ᠤᠯᠠᠮ ᠢᠶᠠᠷ ᠥᠷᠭᠡᠵᠢᠵᠦ᠂ ᠵᠢᠯ ᠪᠦᠷᠢ 8 | ᠲᠦᠮᠡᠨ ᠦᠨᠢᠶ᠎ᠡ ᠬᠡᠭᠡᠯᠲᠦᠭᠦᠯᠵᠦ ᠪᠣᠢ᠃ ᠡᠭᠦᠯᠳᠡᠷ ᠰᠠᠶᠢᠵᠢᠷᠠᠭᠤᠯᠤᠭᠰᠠᠨ ᠦᠬᠡᠷ ᠤᠨ ᠪᠡᠶ᠎ᠡ ᠶᠢᠨ ᠬᠦᠨᠳᠦ᠂ ᠪᠡᠶ᠎ᠡ | ᠪᠢᠯᠳᠠᠷ ᠢᠯᠡᠳᠲᠡ ᠳᠡᠭᠡᠭᠰᠢᠯᠡᠨ ᠲᠣᠮᠣᠷᠠᠵᠤ᠂ 18 ᠰᠠᠷ᠎ᠠ ᠲᠠᠢ ᠯᠢᠮᠣᠽᠠᠠ ᠮᠣᠩᠭᠤᠯ ︵F1︶ ᠡᠷ᠎ᠡ ᠦᠬᠡᠷ ᠪᠠ | ᠦᠨᠢᠶ᠎ᠡ ᠶᠢᠨ ᠪᠡᠶ᠎ᠡ ᠶᠢᠨ ᠬᠦᠨᠳᠦ ᠨᠢ ᠲᠤᠰ ᠪᠦᠷᠢ 289 ᠺᠢᠯᠣᠭ᠍ᠷᠠᠮ᠂ 276 ᠺᠢᠯᠣᠭ᠍ᠷᠠᠮ ᠬᠦᠷᠴᠦ︔ ᠠᠩᠬᠢᠰ | ᠮᠣᠩᠭᠤᠯ ︵F1︶ ᠡᠷ᠎ᠡ ᠦᠬᠡᠷ ᠪᠠ ᠦᠨᠢᠶᠡᠨ ᠤ ᠪᠡᠶ᠎ᠡ ᠶᠢᠨ ᠬᠦᠨᠳᠦ ᠨᠢ ᠲᠤᠰ ᠪᠦᠷᠢ 273 ᠺᠢᠯᠣᠭ᠍ᠷᠠᠮ᠂ 262 | ᠺᠢᠯᠣᠭ᠍ᠷᠠᠮ ᠬᠦᠷᠴᠦ᠂ ᠠᠳᠠᠯᠢ ᠨᠠᠰᠤᠨ ᠤ ᠮᠣᠩᠭᠤᠯ ᠦᠬᠡᠷ ᠲᠠᠢ ᠠᠳᠠᠯᠢᠳᠬᠠᠪᠠᠯ ᠲᠤᠰ ᠪᠦᠷᠢ 33.16%᠂ 29. | 69%᠂ 25.91%᠂ 25.14% ᠳᠡᠭᠡᠭᠰᠢᠯᠡᠵᠡᠢ᠃ ᠦᠨ᠎ᠡ ᠬᠠᠩᠰᠢ ᠨᠢ ᠴᠣ᠋ ᠮᠣᠩᠭᠤᠯ ᠦᠬᠡᠷ ᠲᠠᠢ | ᠬᠠᠷᠢᠴᠠᠭᠤᠯᠪᠠᠯ 800-900 ᠲᠥᠭᠦᠷᠢᠭ ᠥᠨᠳᠥᠷ ᠪᠠᠶᠢᠳᠠᠭ᠃ ᠬᠤᠨᠢᠨ ᠤ ᠭᠠᠷ ᠬᠡᠭᠡᠯᠲᠦᠭᠦᠯᠭᠡ ᠶᠢᠨ ᠮᠡᠷᠭᠡᠵᠢᠯ ᠢ | ᠮᠠᠨ ᠤ ᠠᠶᠢᠮᠠᠭ ᠬᠤᠷᠢᠳᠤᠭᠠᠷ ᠵᠠᠭᠤᠨ ᠤ ᠲᠠᠪᠢᠭᠠᠳ ᠣᠨ ᠠᠴᠠ ᠡᠬᠢᠯᠡᠨ ᠬᠡᠷᠡᠭᠯᠡᠵᠦ᠂ ᠠᠩᠬ᠎ᠠ ᠲᠤᠷᠰᠢᠯᠲᠠ᠂ | ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠴᠠ ᠣᠳᠣ ᠪᠣᠯᠲᠠᠯ᠎ᠠ ᠨᠢᠭᠡᠨᠲᠡ ᠨᠢᠭᠡᠨ ᠡᠩ ᠤᠨ ᠮᠡᠷᠭᠡᠵᠢᠯ ᠪᠣᠯᠵᠤ᠂ ᠥᠪᠥᠷ | ᠮᠣᠩᠭᠤᠯ ᠤᠨ ᠨᠠᠷᠢᠨ ᠨᠣᠣᠰᠣᠳᠣ ᠬᠤᠨᠢ ᠶᠢ ᠪᠤᠶᠢᠵᠢᠭᠤᠯᠬᠤ ᠳᠤᠮᠳᠠ᠂ ᠡᠨᠡᠬᠦ ᠮᠡᠷᠭᠡᠵᠢᠯ ᠳᠤ ᠲᠦᠰᠢᠭᠯᠡᠨ ᠡᠭᠦᠯᠳᠡᠷ | ᠪᠤᠶᠢᠵᠢᠭᠤᠯᠬᠤ᠂ ᠨᠠᠷᠢᠨ ᠨᠣᠣᠰᠣᠳᠣ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠳᠣᠯᠠᠬᠤ᠂ | ᠠᠦ᠋ᠰᠳ᠋ᠷᠠᠯᠢᠶ᠎ᠠ ᠮᠧᠷᠢᠨᠣᠰ ᠬᠤᠨᠢ ᠶᠢ ᠡᠷᠯᠢᠰᠵᠢᠬᠦᠯᠬᠦ ᠵᠡᠷᠭᠡ ᠠᠵᠢᠯ ᠳᠤ ᠴᠢᠬᠤᠯᠠ ᠦᠢᠯᠡᠳᠦᠯ ᠦᠵᠡᠭᠦᠯᠵᠡᠢ᠃ | ᠡᠭᠦᠯᠳᠡᠷ ᠰᠠᠶᠢᠵᠢᠷᠠᠭᠤᠯᠤᠭᠰᠠᠨ ᠨᠠᠰᠤ ᠭᠦᠢᠴᠡᠭᠰᠡᠨ ᠨᠠᠷᠢᠨ ᠨᠣᠣᠰᠣᠳᠣ ᠬᠤᠨᠢᠨ ᠤ ᠳᠤᠮᠳᠠᠴᠢ ᠨᠣᠣᠰᠣᠨ ᠤ | ᠤᠷᠲᠤ ᠨᠢ 8.53 ᠰᠡᠡᠲ᠋ᠢᠮᠧᠳ᠋ᠷ ᠬᠦᠷᠴᠦ᠂ ᠨᠣᠣᠰᠣᠨ ᠤ ᠭᠠᠷᠣᠴᠠ ᠨᠢ 5. 24 ᠺᠢᠯᠣᠭ᠍ᠷᠠᠮ ᠬᠦᠷᠴᠦ᠂ ᠴᠡᠪᠡᠷ | ᠨᠣᠣᠰᠣᠨ ᠤ ᠨᠣᠷᠮ᠎ᠠ ᠨᠢ 50.2% ᠬᠦᠷᠴᠡᠢ᠃ ᠣᠳᠣ ᠵᠢᠯ ᠪᠦᠷᠢ 40 ᠲᠦᠮᠡ ᠣᠷᠴᠢᠮ ᠬᠤᠨᠢᠨ ᠳᠤ ᠭᠠᠷ | ᠬᠡᠭᠡᠯᠲᠦᠭᠦᠯᠭᠡ ᠬᠢᠵᠦ᠂ ᠬᠤᠴᠠ ᠶᠢᠨ ᠵᠢᠯ ᠤᠨ ᠬᠡᠭᠡᠯᠲᠦᠭᠦᠯᠭᠡ ᠶᠢᠨ ᠲᠤᠭ᠎ᠠ ᠬᠠᠮᠤᠭ ᠤᠨ ᠥᠨᠳᠥᠷ ᠲᠡᠭᠡᠨ 2300 | ᠬᠦᠷᠴᠦ ᠪᠤᠢ᠃ | ᠭᠤᠷᠪᠠ᠂ ᠬᠦᠪᠦᠷᠡᠯ ᠰᠢᠯᠵᠢᠭᠦᠯᠬᠦ ᠬᠦᠪᠦᠷᠡᠯ ᠰᠢᠯᠵᠢᠭᠦᠯᠬᠦ ᠭᠡᠳᠡᠭ ᠪᠣᠯ ᠰᠢᠨ᠎ᠡ ᠪᠠᠷ ᠪᠦᠷᠢᠯᠳᠦᠭᠰᠡᠨ ᠮᠥᠷᠲᠡᠭᠡᠨ | ᠬᠡᠪᠡᠯᠢ ᠳᠡᠭᠡᠨ ᠬᠠᠷᠠᠬᠠᠨ ᠬᠡᠯᠪᠡᠷᠢᠵᠢᠵᠦ ᠲᠣᠭᠲᠠᠭᠠᠳᠤᠢ ᠡᠬᠢᠨ ᠤ ᠬᠤᠭᠤᠴᠠᠭᠠᠨ ᠤ ᠬᠦᠪᠦᠷᠡᠯ ᠢ ᠠᠪᠴᠤ ᠭᠠᠷᠭᠠᠨ᠂ | ᠥᠭᠡᠷ᠎ᠡ ᠨᠢᠭᠡᠨ ᠠᠳᠠᠯᠢ ᠲᠥᠷᠥᠯ ᠤᠨ ᠢᠵᠢᠯ ᠹᠢᠽᠢᠣᠯᠣᠭᠢ ᠶᠢᠨ ᠪᠠᠶᠢᠳᠠᠯ ᠲᠠᠢ ᠦᠨᠢᠶᠡᠨ ᠳᠤ ᠰᠢᠯᠵᠢᠭᠦᠯᠵᠦ᠂ | ᠪᠤᠶᠢᠵᠢᠭᠤᠯᠤᠨ ᠲᠥᠯᠯᠡᠭᠦᠯᠬᠦ ᠶᠢ ᠵᠢᠭᠠᠵᠤ ᠪᠠᠶᠢᠨ᠎ᠠ᠃ ᠬᠦᠪᠦᠷᠡᠯ ᠬᠠᠩᠭᠠᠭᠰᠠᠨ ᠡᠬᠡ ᠮᠠᠯ ᠢ ᠬᠠᠩᠭᠠᠭᠴᠢ ᠪᠡᠶ᠎ᠡ ᠭᠡᠵᠦ᠂ | ᠬᠦᠪᠦᠷᠡᠯ ᠰᠢᠯᠵᠢᠭᠦᠯᠵᠦ ᠪᠤᠶᠢᠵᠢᠭᠤᠯᠤᠭᠰᠠᠨ ᠡᠬᠡ ᠮᠠᠯ ᠢ ᠬᠦᠯᠢᠶᠡᠨ ᠠᠪᠤᠭᠴᠢ ᠪᠡᠶ᠎ᠡ ᠭᠡᠳᠡᠭ᠃ ᠬᠦᠪᠦᠷᠡᠯ | ᠰᠢᠯᠵᠢᠭᠦᠯᠬᠦ ᠨᠢ ᠰᠢᠯᠢᠳᠡᠭ ᠡᠬᠡ ᠮᠠᠯ ᠤᠨ ᠦᠷᠡᠵᠢᠯᠲᠡ ᠶᠢᠨ ᠨᠥᠭᠡᠴᠡ ᠬᠦᠴᠦᠨ ᠢ ᠭᠦᠢᠴᠡᠳ ᠪᠠᠳᠠᠷᠠᠭᠤᠯᠵᠤ᠂ | ᠡᠭᠦᠯᠳᠡᠷ ᠤᠨ ᠮᠡᠯ ᠣᠷᠣᠭᠤᠯᠬᠤ ᠶᠢ ᠣᠷᠣᠯᠠᠭᠤᠯᠵᠤ᠂ ᠡᠭᠦᠯᠳᠡᠷ ᠤᠨ ᠡᠬᠢ ᠰᠤᠷᠪᠤᠯᠵᠢ ᠶᠢ ᠨᠡᠩ ᠰᠠᠶᠢᠨ ᠪᠠᠲᠤᠯᠠᠵᠤ | ᠴᠢᠳᠠᠨ᠎ᠠ᠃ ᠲᠡᠭᠦᠨ ᠤ ᠮᠡᠷᠭᠡᠵᠢᠯ ᠤᠨ ᠠᠯᠬᠤᠮ ᠳᠠᠷᠠᠭ᠎ᠠ ᠳᠤ ᠭᠤᠣᠯᠳᠠᠭᠤ ᠬᠦᠪᠦᠷᠡᠯ ᠴᠤᠭᠯᠠᠭᠤᠯᠬᠤ᠂ ᠪᠠᠶᠢᠴᠠᠭᠠᠬᠤ᠂ | ᠪᠤᠶᠢᠵᠢᠭᠤᠯᠤᠨ ᠬᠠᠳᠠᠭᠠᠯᠠᠬᠤ ᠪᠠ ᠰᠢᠯᠵᠢᠭᠦᠯᠬᠦ ᠵᠡᠷᠭᠡ ᠲᠠᠯ᠎ᠠ ᠪᠠᠭᠲᠠᠨ᠎ᠠ᠃ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ︽ᠥᠪᠥᠷ ᠮᠣᠩᠭᠤᠯ ᠤᠨ ᠮᠠᠯ ᠠᠵᠤ ᠠᠬᠤᠢ︾ ᠰᠡᠳᠬᠦᠯ | |