| ᠲᠡᠵᠢᠭᠡᠪᠦᠷᠢ ᠶᠢᠨ ᠲᠠᠤᠯᠠᠢ ᠶᠢᠨ ᠥᠰᠦᠯᠲᠡ ᠲᠦᠷᠭᠡᠨ᠂ ᠦᠷᠡᠵᠢᠬᠦ ᠴᠢᠳᠠᠪᠤᠷᠢ ᠥᠨᠳᠥᠷ᠂ ᠪᠡᠶ᠎ᠡ ᠶᠢᠨ | ᠳᠣᠲᠣᠭᠠᠳᠤ ᠶᠢᠨ ᠪᠣᠳᠠᠰ ᠤᠨ ᠰᠣᠯᠢᠯᠴᠠᠭ᠎ᠠ ᠰᠠᠶᠢᠨ᠂ ᠭᠦᠢᠴᠡᠳ ᠰᠢᠮ᠎ᠡ ᠲᠡᠵᠢᠭᠡᠯ ᠬᠡᠷᠡᠭᠰᠡᠨ᠎ᠡ᠃ ᠡᠶᠢᠮᠦ ᠠᠴᠠ | ᠲᠡᠵᠢᠭᠡᠪᠦᠷᠢ ᠶᠢᠨ ᠲᠠᠤᠯᠠᠢ ᠶᠢᠨ ᠡᠳᠦᠷ ᠤᠨ ᠲᠡᠵᠢᠭᠡᠯ ᠨᠢ ᠣᠯᠠᠨ ᠵᠦᠢᠯ ᠤᠨ ᠲᠡᠵᠢᠭᠡᠯ ᠪᠣᠷᠳᠤᠭ᠎ᠠ ᠪᠠᠷ ᠪᠦᠷᠢᠯᠳᠦᠵᠦ᠂ | ᠲᠡᠵᠢᠭᠡᠯ ᠪᠣᠷᠳᠣᠭᠠᠨ ᠳᠤ ᠠᠭᠤᠯᠤᠭᠳᠠᠵᠤ ᠪᠠᠶᠢᠭ᠎ᠠ ᠰᠢᠮ᠎ᠡ ᠲᠡᠵᠢᠭᠡᠯ ᠢ ᠨᠢ ᠦᠨᠳᠦᠰᠦᠯᠡᠵᠦ᠂ ᠰᠠᠶᠢᠨ ᠲᠠᠯ᠎ᠠ ᠶᠢ ᠨᠢ | ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠵᠦ᠂ ᠵᠣᠬᠢᠰᠲᠠᠢ ᠲᠣᠬᠢᠷᠠᠭᠤᠯᠬᠤ ᠬᠡᠷᠡᠭᠲᠡᠢ᠂ ᠢᠩᠭᠢᠬᠦ ᠨᠢ ᠥᠰᠦᠯᠲᠡ | ᠪᠤᠶᠢᠵᠢᠯᠲᠠ ᠳᠤ ᠠᠰᠢᠭᠲᠠᠢ ᠮᠥᠷᠲᠡᠭᠡᠨ ᠤᠭᠤᠷᠠᠭ ᠤᠨ ᠬᠠᠷᠢᠯᠴᠠᠨ ᠨᠥᠬᠦᠪᠦᠷᠢᠯᠡᠬᠦ ᠦᠢᠯᠡᠳᠦᠯ ᠳᠤ ᠴᠦ ᠠᠰᠢᠭᠲᠠᠢ | ᠶᠤᠮ᠃ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠲᠡᠵᠢᠭᠡᠯ ᠪᠣᠷᠳᠣᠭᠠᠨ ᠤ ᠤᠭᠤᠷᠠᠭ ᠤᠨ ᠬᠤᠷᠣᠭᠳᠠᠯ ᠢ | ᠠᠷᠪᠢᠯᠠᠬᠤ ᠶᠢᠨ ᠲᠥᠯᠥᠭᠡ᠂ ᠦᠷᠭᠦᠯᠵᠢ ᠣᠯᠠᠨ ᠵᠦᠢᠯ ᠤᠨ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠬᠡᠷᠡᠭᠯᠡᠵᠦ᠂ | ᠲᠡᠵᠢᠭᠡᠯ ᠪᠣᠷᠳᠣᠭᠠᠨ ᠤ ᠬᠤᠭᠤᠷᠣᠨᠳᠣᠬᠢ ᠴᠢᠬᠤᠯᠠ ᠬᠡᠷᠡᠭᠴᠡᠭᠡᠨ ᠤ ᠰᠢᠪᠲᠦᠷᠲᠦ ᠬᠦᠴᠢᠯ ᠢ ᠬᠠᠷᠢᠯᠴᠠᠨ | ᠨᠥᠬᠦᠪᠦᠷᠢᠯᠡᠵᠦ᠂ ᠳᠠᠩ ᠭᠠᠭᠴᠠ ᠲᠡᠵᠢᠭᠡᠯ ᠪᠣᠷᠳᠤᠭ᠎ᠠ ᠪᠠᠷ ᠲᠡᠵᠢᠭᠡᠬᠦ ᠶᠢ ᠴᠡᠭᠡᠷᠯᠡᠨ᠎ᠡ᠃ ᠵᠢᠱᠢᠶᠡᠯᠡᠪᠡᠯ ᠦᠶᠡᠲᠦ | ᠤᠷᠭᠤᠮᠠᠯ ᠤᠨ ᠢᠵᠠᠭᠤᠷ ᠤᠨ ᠦᠷ᠎ᠡ ᠶᠢᠨ ᠲᠦᠷᠦᠯ ᠳᠤ ᠶᠡᠷᠦ ᠳᠡᠭᠡᠨ ᠯᠢᠰᠢᠨ ᠰᠢᠪᠲᠦᠷᠲᠦ ᠬᠦᠴᠢᠯ ᠪᠠ ᠥᠩᠭᠡᠲᠦ | ᠰᠢᠪᠲᠦᠷᠲᠦ ᠬᠦᠴᠢᠯ ᠨᠡᠯᠢᠶᠡᠳ ᠳᠣᠣᠷ᠎ᠠ ᠠᠭᠤᠯᠤᠭᠳᠠᠳᠠᠭ᠂ ᠬᠠᠷᠢᠨ ᠪᠤᠷᠴᠠᠭ ᠤᠨ ᠢᠵᠠᠭᠤᠷ ᠤᠨ ᠦᠷ᠎ᠡ ᠳᠤ ᠯᠢᠰᠢᠨ | ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ ᠠᠷᠪᠢᠨ ᠠᠭᠤᠯᠤᠭᠳᠠᠵᠤ᠂ ᠥᠨᠳᠡᠭᠡᠨ | ᠰᠢᠪᠲᠦᠷᠲᠦ ᠬᠦᠴᠢᠯ ᠭᠦᠢᠴᠡᠳ ᠪᠤᠰᠤ ᠪᠠᠶᠢᠳᠠᠭ᠃ ᠡᠶᠢᠮᠦ ᠠᠴᠠ ᠭᠡᠷ ᠤᠨ ᠲᠠᠤᠯᠠᠢ ᠶᠢᠨ ᠡᠳᠦᠷ ᠤᠨ ᠲᠡᠵᠢᠭᠡᠯ ᠢ | ᠪᠦᠷᠢᠯᠳᠦᠭᠦᠯᠬᠦ ᠦᠶ᠎ᠡ ᠳᠤ᠂ ᠦᠶᠡᠲᠦ ᠤᠷᠭᠤᠮᠠᠯ ᠤᠨ ᠢᠵᠠᠭᠤᠷ ᠤᠨ ᠦᠷ᠎ᠡ ᠵᠢᠴᠢ ᠳᠠᠭᠠᠯᠲᠠ ᠪᠦᠲᠦᠭᠡᠭᠳᠡᠬᠦᠨ ᠢᠶᠠᠷ | ᠭᠤᠣᠯ ᠴᠣᠭᠴᠠ ᠪᠣᠯᠭᠠᠵᠤ᠂ 10%~20% ᠶᠢᠨ ᠪᠤᠷᠴᠠᠭ ᠤᠨ ᠪᠣᠣᠪᠤ᠂ ᠯᠣᠬᠠᠱᠧᠩ ᠤᠨ ᠬᠡᠪᠡᠭ ᠤᠨ | ᠲᠥᠷᠥᠯ ᠤᠨ ᠪᠣᠷᠳᠤᠭ᠎ᠠ ᠶᠢ ᠬᠤᠯᠢᠵᠤ ᠡᠳᠦᠷ ᠤᠨ ᠲᠡᠵᠢᠭᠡᠯ ᠪᠣᠯᠭᠠᠪᠠᠯ ᠪᠦᠬᠦ᠋ᠢᠯᠡ ᠬᠤᠨᠤᠭ ᠤᠨ ᠲᠡᠵᠢᠭᠡᠯ ᠤᠨ | ᠤᠭᠤᠷᠠᠭ ᠤᠨ ᠦᠢᠯᠡᠳᠦᠯ ᠪᠠ ᠠᠰᠢᠭᠯᠠᠮᠵᠢ ᠶᠢ ᠳᠡᠭᠡᠭᠰᠢᠯᠡᠭᠦᠯᠵᠦ ᠴᠢᠳᠠᠨ᠎ᠠ᠃ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠤᠨ ᠤ ᠲᠢᠩᠬᠢᠮ | |