| ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠹᠧᠩᠵᠧᠨ ᠬᠤᠲᠠ ᠶᠢᠨ ᠰᠢᠯᠵᠢᠭᠦᠯᠵᠦ | ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠢᠰᠲ᠋ᠧᠮ ᠢ ᠴᠢᠨᠠᠭᠰᠢᠳᠠ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ︵ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 81 ᠳ᠋ᠦ᠋ᠭᠡᠷ ᠲᠣᠭᠠᠲᠤ︶︾᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ | ᠬᠡᠷᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 687 ᠳ᠋ᠤᠭᠠᠷ ᠲᠣᠭᠠᠲᠤ︶᠂ ︽ᠣᠷᠳᠣ ᠴᠠᠭᠠᠨ ᠬᠡᠷᠡᠮ ᠢ ᠬᠠᠮᠠᠭᠠᠯᠠᠬᠤ ᠲᠦᠷᠢᠮ︾ ︵ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 476 | ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠤᠨ 35 ᠳ᠋ᠤᠭᠠᠷ ᠲᠣᠭᠠᠲᠤ︶ | ᠵᠡᠷᠭᠡ ᠶᠢ ᠦᠨᠳᠤᠰᠤᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ | ᠬᠡᠷᠡᠭᠵᠢᠭᠦᠯᠬᠦ ᠰᠠᠨᠠᠯ ᠢ ᠲᠣᠭᠲᠠᠭᠠᠪᠠ᠄ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ᠂ ᠲᠡᠦᠬᠡ ᠰᠣᠶᠣᠯ ᠤᠨ ᠥᠪ ᠢ | ᠠᠮᠢᠳᠤᠯᠢᠭ ᠪᠤᠯᠭᠠᠨ᠎ᠠ᠃ | ︵ᠬᠤᠶᠠᠷ︶ ᠠᠵᠢᠯ ᠤᠨ ᠵᠠᠷᠴᠢᠮ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠦᠷᠳᠡᠭ ᠢ ᠠᠭᠤᠳᠠᠯᠬᠤ᠂ | ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠰᠢᠨ᠎ᠡ ᠴᠠᠭ ᠦᠶ᠎ᠡ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠪᠠᠷᠢᠮᠳᠠᠯᠠᠨ᠎ᠠ᠃ | ᠬᠤᠶᠠᠷ᠂ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ | ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠢ ᠬᠠᠷᠢᠭᠤᠴᠠᠵᠤ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠠᠮᠠᠭᠠᠯᠠᠯᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠮᠠᠨ ᠤ ᠬᠤᠲᠠ ᠶᠢᠨ ᠨᠢᠭᠡᠨᠲᠡ ᠨᠡᠶᠢᠲᠡᠯᠡᠭᠰᠡᠨ ᠡᠯ᠎ᠡ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠬᠡᠴᠡ᠂ ᠤᠷᠲᠤ ᠴᠠᠭᠠᠨ ᠬᠡᠷᠡᠮ᠂ | ᠬᠠᠷᠠᠬᠠᠨ ᠬᠢᠨᠠᠨ ᠲᠣᠭᠲᠠᠭᠠᠵᠤ ᠨᠡᠶᠢᠲᠡᠯᠡᠭᠡᠳᠦᠶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠬᠡᠴᠡ ᠶᠢᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ᠎ᠠ᠃ ᠹᠧᠩᠵᠧᠨ | ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ | ᠲᠣᠪᠴᠢᠶ᠎ᠠ︶᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ | ᠬᠤᠲᠠ ᠶᠢᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ | ᠬᠤᠲᠠ ᠶᠢᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠶᠢᠨ ᠹᠧᠩᠵᠧᠨ ᠬᠤᠲᠠ ᠶᠢᠨ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠵᠣᠬᠢᠴᠠᠩᠭᠤᠶ ᠠᠵᠢᠯ ᠢ ᠡᠭᠦᠷᠭᠡᠯᠡᠨ᠎ᠡ᠃ | ︵ᠨᠢᠭᠡ︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠶᠤᠯᠭᠦᠶ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ | ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠬᠤᠲᠠ ᠶᠢᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ︶᠄ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ | ᠳᠣᠤᠷ᠎ᠠ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠨ᠎ᠠ︔ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠢ ᠪᠠᠶᠢᠴᠠᠭᠠᠬᠤ᠂ ᠬᠠᠮᠢᠶᠠᠷᠬᠤ᠂ ᠤᠬᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠵᠢᠯᠣᠭᠤᠳᠤᠨ | ᠵᠣᠬᠢᠴᠠᠭᠤᠯᠵᠤ᠂ ᠪᠦᠬᠦ ᠬᠤᠳᠠ ᠶᠢᠨ ᠬᠡᠪᠴᠢᠶᠡᠨ ᠳᠠᠬᠢ ᠡᠯ᠎ᠡ ᠱᠠᠲᠤᠨ ᠤ ᠰᠢᠯᠵᠢᠭᠦᠯᠵᠦ ᠪᠣᠯᠤᠰᠢ ᠦᠭᠡᠢ | ᠲᠡᠦᠬᠡ ᠶᠢᠨ ᠳᠤᠷᠠᠰᠬᠠᠯᠲᠤ ᠵᠦᠢᠯ ᠢ ᠬᠢᠨᠠᠨ ᠬᠠᠮᠢᠶᠠᠷᠴᠤ᠂ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠵᠢᠯ ᠢ | ᠥᠷᠨᠢᠭᠦᠯᠦᠨ᠎ᠡ︔ ᠲᠡᠦᠬᠡ ᠶᠢᠨ ᠳᠤᠷᠠᠰᠬᠠᠯᠲᠤ ᠵᠦᠢᠯᠡᠰ ᠤᠨ ᠴᠢᠬᠤᠯᠠ ᠶᠡᠭᠡ ᠵᠦᠢᠯᠡᠰ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ | ᠠᠰᠢᠭᠯᠠᠬᠤ ᠠᠵᠢᠯ ᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠣᠭᠠᠴᠢᠯᠠᠭᠰᠠᠨ | ᠥᠭᠡᠷᠡᠴᠢᠯᠡᠯᠲᠡ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ | ᠠᠭᠤᠳᠠᠯᠤᠨ ᠮᠠᠯᠲᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠶᠤᠯᠭᠦᠶ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠢᠶᠠᠯ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯᠭᠦᠶ ᠶᠢᠨ ᠡ᠊ᠨᠳᠡᠯ ᠢ ᠪᠠᠴᠢᠮ ᠠᠷᠭᠠᠴᠠᠭᠠᠬᠤ ᠪᠠ ᠪᠠᠶᠢᠴᠠᠭᠠᠨ | ᠰᠢᠢᠳᠪᠦᠷᠢᠯᠡᠬᠦ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠰᠢᠯᠵᠢᠭᠦᠯᠵᠦ ᠪᠣᠯᠤᠰᠢ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠶ ᠵᠦᠢᠯᠡᠰ ᠤᠨ ᠪᠡᠯᠡ ᠮᠥᠩᠭᠦ ᠶᠢ ᠮᠡᠳᠡᠭᠦᠯᠬᠦ᠂ | ᠬᠡᠷᠡᠭᠯᠡᠬᠦ ᠶᠢ ᠬᠠᠷᠢᠭᠤᠴᠠᠨ᠎ᠠ᠃ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠠᠵᠢᠯ ᠢ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ︔ | ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠵᠦᠢᠯᠡᠰ ᠤᠨ ᠵᠦᠢᠯᠡᠰ ᠲᠣᠭᠲᠠᠭᠠᠬᠤ᠂ ᠭᠤᠶᠤᠴᠢᠯᠠᠨ | ᠮᠡᠳᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠵᠠᠷᠤᠳᠠᠯ ᠢ ᠲᠣᠰ ᠵᠢᠯ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ | ᠤᠨ ᠬᠠᠮᠠᠭᠠᠯᠠᠯᠲᠠ ᠶᠢᠨ ᠡᠯ᠎ᠡ ᠲᠥᠷᠥᠯ ᠤᠨ ᠲᠤᠰᠬᠠᠶ ᠵᠠᠷᠤᠳᠠᠯ ᠢ ᠳᠣᠭᠢᠷᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠳᠣᠲᠣᠭᠠᠳᠤ ᠶᠢᠨ ᠠᠮᠤᠷ ᠢ ᠬᠠᠮᠠᠭᠠᠯᠠᠬᠤ ᠠᠵᠢᠯ ᠥᠷᠨᠢᠭᠦᠯᠬᠦ ᠶᠢ | ᠬᠠᠷᠢᠭᠤᠴᠠᠨ ᠵᠢᠯᠣᠭᠤᠳᠴᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ | ᠪᠣᠳᠠᠰ ᠤᠨ ᠰᠡᠷᠭᠡᠶᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠠᠵᠢᠯ ᠢ | ᠴᠢᠩᠭᠠᠳᠬᠠᠬᠤ ᠶᠢ ᠵᠢᠯᠣᠭᠤᠳᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠯᠠᠭᠠᠶᠢᠯᠠᠨ ᠠᠭᠤᠳᠠᠯᠬᠤ᠂ | ᠬᠤᠯᠠᠭᠠᠶᠢᠯᠠᠬᠤ᠂ ᠰᠠᠷᠢᠭᠠᠯᠠᠬᠤ ᠵᠡᠷᠭᠡ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ︔ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠢ ᠵᠢᠭᠠᠨ ᠵᠢᠯᠣᠭᠤᠳᠴᠤ | ᠪᠠᠶᠢᠭᠠᠳ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ ᠶᠢ ᠭᠤᠣᠯᠳᠠᠯᠭ᠎ᠠ ᠲᠠᠢ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠨᠢᠬᠡᠴᠡ ᠳᠤ ᠣᠷᠣᠭᠤᠯᠵᠤ᠂ ᠤᠷᠳᠤ ᠴᠠᠭᠠᠨ ᠬᠡᠷᠡᠮ ᠪᠠ ᠡᠯ᠎ᠡ ᠱᠠᠲᠤᠨ ᠤ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ ᠶᠢ ᠡᠪᠳᠡᠬᠦ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ | ᠬᠤᠯᠪᠣᠭᠳᠠᠯ ᠪᠦᠬᠦᠢ ᠨᠢᠬᠡᠴᠡ ᠶᠢ ᠰᠢᠪᠠᠳᠠᠵᠤ ᠪᠠᠶᠢᠭᠠᠳ ᠬᠠᠤᠯᠢ ᠶᠣᠰᠣᠭᠠᠷ ᠬᠤᠷᠢᠶᠠᠨ ᠠᠪᠤᠭᠰᠠᠨ᠂ ᠨᠡᠬᠡᠮᠵᠢᠯᠡᠨ | ᠲᠤᠰᠢᠶᠠᠯᠭᠠᠭᠰᠠᠨ ᠲᠡᠦᠬᠡ ᠶᠢᠨ ᠳᠤᠷᠠᠰᠬᠠᠯᠲᠤ ᠵᠦᠢᠯ ᠢ ᠲᠠᠩᠰᠠᠯᠠᠨ ᠳᠡᠪᠲᠡᠷᠯᠡᠬᠦ ᠶᠢᠨ ᠬᠠᠮᠲᠤ ᠲᠣᠬᠢᠲᠠᠶ ᠬᠠᠳᠠᠭᠠᠯᠠᠨ | ᠬᠠᠮᠢᠶᠠᠷᠤᠭᠤᠯᠵᠤ᠂ ᠬᠡᠷᠡᠭ ᠢ ᠳᠠᠭᠤᠰᠬᠠᠭᠰᠠᠨ ᠤ ᠲᠠᠷᠠᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ | ᠮᠥᠴᠢᠷ ᠲᠤ ᠬᠠᠤᠯᠢ ᠶᠣᠰᠣᠭᠠᠷ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠯᠭᠠᠨ᠎ᠠ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠲᠡᠤᠬᠡ ᠶᠢᠨ ᠳᠤᠷᠠᠰᠬᠠᠯᠲᠤ ᠵᠦᠢᠯᠡᠰ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠭᠠᠵᠠᠷ ᠳᠡᠭᠡᠷᠡᠬᠢ ᠪᠠ ᠭᠠᠵᠠᠷ ᠳᠣᠤᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ | ᠭᠠᠵᠠᠷ ᠰᠢᠷᠣᠶ ᠶᠢ ᠠᠰᠢᠭᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ᠂ | ᠬᠤᠯᠪᠣᠭᠳᠠᠯ ᠪᠥᠬᠦᠶ ᠠᠭᠤᠯᠭ᠎ᠠ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢ ᠰᠠᠶᠢᠲᠤᠷ ᠬᠢᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠬᠠᠮᠢᠶᠠᠷᠤᠨ | ᠡᠵᠡᠮᠳᠡᠬᠦ ᠳᠤᠮᠳᠠ ᠲᠡᠦᠬᠡ ᠶᠢᠨ ᠳᠤᠷᠠᠰᠬᠠᠯᠲᠤ ᠬᠤᠲᠠ ᠪᠠᠯᠭᠠᠰᠤᠨ ᠤ ᠵᠢᠷᠤᠭ ᠲᠥᠯᠥᠪᠯᠡᠭᠡ ᠪᠠ ᠠᠶᠢᠯ ᠲᠣᠰᠬᠤᠨ ᠤ | ᠵᠢᠷᠤᠭ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ | ᠦᠯᠡᠳᠡᠭᠳᠡᠯ ᠡᠷᠬᠢᠨ ᠲᠣᠭᠤᠷᠢᠨ ᠤ ᠲᠡᠤᠬᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠬᠠᠮᠠᠭᠠᠯᠠᠨ | ᠠᠰᠢᠭᠯᠠᠬᠤ ᠠᠵᠢᠯ ᠢ ᠰᠠᠶᠢᠲᠤᠷ ᠬᠢᠨ᠎ᠠ︔ ᠲᠡᠤᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠠᠢ | ᠬᠠᠮᠵᠢᠯᠴᠠᠨ ᠲᠡᠤᠬᠡ ᠰᠣᠶᠣᠯ ᠤᠨ ᠦᠯᠡᠳᠡᠭᠳᠡᠯ ᠣᠷᠣᠰᠢᠵᠤ ᠮᠡᠳᠡᠬᠦ ᠭᠠᠵᠠᠷ ᠰᠢᠷᠣᠶ ᠶᠢᠨ ᠪᠣᠳᠠᠲᠠᠶ ᠣᠷᠣᠨ ᠵᠠᠶ ᠶᠢᠨ | ᠬᠡᠪᠴᠢᠶ᠎ᠡ ᠶᠢ ᠲᠣᠭᠲᠠᠭᠠᠵᠤ᠂ ᠲᠣᠰ ᠣᠷᠣᠨ ᠵᠠᠶ ᠶᠢᠨ ᠳᠣᠲᠣᠷᠠᠬᠢ ᠭᠠᠵᠠᠷ ᠰᠢᠷᠣᠶ ᠶᠢᠨ ︽ᠤᠷᠢᠳ ᠢᠶᠠᠷ ᠬᠠᠭᠤᠴᠢ | ᠰᠤᠳᠤᠯᠤᠯ ᠬᠢᠵᠦ᠂ ᠳᠠᠷᠠᠭ᠎ᠠ ᠨᠢ ᠰᠢᠯᠵᠢᠭᠦᠯᠦᠨ ᠬᠤᠳᠠᠯᠳᠤᠬᠤ︾ ᠲᠤᠬᠠᠢ ᠠᠵᠢᠯ ᠢ ᠰᠠᠶᠢᠲᠤᠷ ᠬᠢᠨ᠎ᠠ︔ | ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠵᠠᠷ ᠰᠢᠨᠵᠢᠯᠡᠭᠡᠨ ᠤ ᠭᠠᠢ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠪᠦᠲᠦᠭᠡᠨ ᠪᠠᠶᠢᠭᠤᠯᠬᠤ ᠵᠦᠢᠯᠡᠰ ᠢ ᠪᠦᠲᠦᠭᠡᠨ ᠪᠠᠶᠢᠭᠤᠯᠬᠤ ᠶᠠᠪᠤᠴᠠ ᠳᠤ ᠪᠦᠲᠦᠭᠡᠨ | ᠪᠠᠶᠢᠭᠤᠯᠬᠤ ᠨᠢᠬᠡᠴᠡ ᠶᠢ ᠰᠢᠪᠠᠳᠠᠵᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ | ᠴᠢᠬᠤᠯᠠᠴᠢᠯᠠᠭᠤᠯᠤᠨᠠ︔ ᠲᠡᠦᠬᠡ ᠶᠢᠨ ᠳᠤᠷᠠᠰᠬᠠᠯᠲᠤ ᠵᠦᠢᠯᠡᠰ ᠲᠤ ᠬᠤᠯᠪᠣᠭᠳᠠᠬᠤ ᠪᠦᠳᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠡᠭᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ | ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠶ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠵᠦᠢᠯᠡᠰ ᠲᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠵᠦ | ᠥᠭᠬᠦ ᠦᠭᠡᠢ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠡᠯ᠎ᠡ ᠱᠠᠲᠤᠨ ᠤ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠣᠷᠳᠣ ᠴᠠᠭᠠᠨ ᠬᠡᠷᠡᠮ᠂ ᠬᠠᠷᠠᠬᠠᠨ ᠬᠢᠨᠠᠨ | ᠲᠣᠭᠲᠠᠭᠠᠵᠤ ᠨᠡᠶᠢᠲᠡᠯᠡᠭᠡᠳᠦᠶ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ | ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠣᠯᠠᠨ ᠨᠡᠶᠢᠲᠡ ᠶᠢᠨ ᠭᠠᠯ ᠤᠨᠲᠠᠷᠠᠭᠠᠬᠤ | ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠪᠠ ᠬᠡᠷᠡᠭᠵᠢᠭᠦᠯᠦᠯᠲᠡ ᠶᠢ ᠰᠠᠶᠢᠲᠤᠷ ᠬᠢᠨ᠎ᠠ︔ ᠲᠡᠤᠬᠡ ᠶᠢᠨ | ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠡ ᠶᠢᠨ ᠪᠥᠲᠥᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ | ᠪᠦᠰᠡ ᠶᠢᠨ ᠳᠣᠲᠣᠷᠠᠬᠢ ᠭᠠᠵᠠᠷ ᠰᠣᠩᠭᠤᠭᠰᠠᠨ ᠬᠠᠮᠢᠶ᠎ᠠ ᠪᠥᠬᠦᠶ ᠲᠥᠷᠥᠯ ᠵᠦᠢᠯ ᠳᠤ ᠲᠡᠤᠬᠡ ᠶᠢᠨ ᠳᠤᠷᠠᠰᠬᠠᠯᠲᠤ | ᠵᠦᠢᠯᠡᠰ ᠢᠶᠠᠷ ᠬᠠᠮᠠᠭᠠᠯᠠᠭᠳᠠᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠬᠢᠨᠠᠨ ᠵᠥᠪᠰᠢᠶᠡᠷᠡᠨ᠎ᠡ︔ | ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠡᠪᠴᠢᠶᠡᠨ ᠳᠣᠲᠣᠷᠠᠬᠢ ᠭᠠᠵᠠᠷ ᠳᠡᠭᠡᠷᠡᠬᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠭᠠᠵᠠᠷ | ᠳᠣᠤᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠬᠤ᠂ ᠬᠠᠶᠢᠨ ᠰᠢᠨᠵᠢᠬᠦ ᠵᠢᠴᠢ ᠠᠪᠤᠷᠠᠯᠳᠠ ᠶᠢᠨ | ᠴᠢᠨᠠᠷᠲᠠᠶ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠰᠠᠶᠢᠲᠤᠷ ᠬᠢᠨ᠎ᠠ︔ ᠪᠥᠲᠥᠭᠡᠨ ᠪᠠᠶᠢᠭᠤᠯᠬᠤ | ᠨᠢᠭᠡᠴᠡ ᠶᠢ ᠰᠢᠮᠳᠠᠭᠤᠯᠵᠤ ᠪᠠᠶᠢᠭᠠᠳ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠳᠤ ᠬᠤᠯᠪᠣᠭᠳᠠᠬᠤ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ | ᠬᠦᠢᠴᠡᠳᠭᠡᠨ᠎ᠡ᠃ | ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠢ ᠵᠢᠭᠠᠨ ᠵᠢᠯᠣᠭᠤᠳᠴᠤ ᠪᠠᠶᠢᠭᠠᠳ ᠭᠠᠯ | ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠡᠯ᠎ᠡ ᠵᠦᠢᠯ ᠤᠨ ᠲᠦᠷᠢᠮ ᠢ ᠲᠣᠭᠲᠠᠭᠠᠵᠤ᠂ ᠭᠠᠯ ᠤᠨᠲᠠᠷᠠᠭᠠᠬᠤ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠡ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠪᠥᠲᠥᠭᠡᠨ ᠪᠠᠶᠢᠭᠤᠯᠤᠯᠳᠠ᠂ ᠡᠯ᠎ᠡ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠥᠭᠡᠢ ᠶᠢᠨ ᠭᠠᠯ ᠤᠨᠲᠠᠷᠠᠭᠠᠬᠤ ᠡᠩᠨᠡᠭᠡᠨ ᠤ ᠪᠠᠴᠢᠮ | ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠤᠯ ᠢ ᠵᠢᠯᠣᠭᠤᠳᠴᠤ᠂ ᠭᠠᠯ ᠤᠨᠲᠠᠷᠠᠭᠠᠬᠤ ᠰᠣᠷᠢᠯᠲᠠ ᠶᠢ | ᠪᠠᠶᠢᠩᠭᠤᠵᠢᠭᠤᠯᠤᠨ ᠡᠷᠬᠢᠯᠡᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠭᠠᠯ | ᠤᠨᠲᠠᠷᠠᠭᠠᠵᠤ ᠠᠶᠤᠯ ᠥᠭᠡᠢ ᠶᠢᠨ ᠠᠵᠢᠯ ᠢ ᠪᠠᠶᠢᠴᠠᠭᠠᠨ ᠵᠢᠯᠣᠭᠤᠳᠬᠤ ᠶᠢ ᠦᠷᠨᠢᠬᠦᠯᠦᠨ᠎ᠡ᠃ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠡᠤᠬᠡ ᠵᠢᠴᠢ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠡᠯ᠎ᠡ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠰᠤᠷᠭᠠᠨ ᠬᠥᠮᠦᠵᠢᠯ ᠤᠨ ᠲᠥᠯᠥᠪᠯᠡᠭᠡ ᠳᠤ ᠣᠷᠣᠭᠤᠯᠵᠤ᠂ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ︔ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠬᠦᠷᠢᠶᠡᠨ ᠳᠤ ᠵᠢᠴᠢ ᠡᠷᠬᠢᠨ ᠲᠣᠭᠤᠷᠢᠨ ᠤ ᠰᠢᠯᠵᠢᠭᠦᠯᠵᠦ ᠪᠣᠯᠤᠰᠢ | ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠵᠠᠮ ᠬᠠᠷᠢᠯᠴᠠᠭᠠᠨ ᠤ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ᠂ ᠵᠠᠰᠠᠮᠠᠯ ᠵᠠᠮ ᠪᠠ ᠲᠡᠮᠦᠷ ᠵᠠᠮ ᠳᠠᠭᠠᠤ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠨ ᠠᠰᠢᠭᠯᠠᠬᠤ ᠠᠵᠢᠯ ᠢ ᠬᠠᠷᠢᠭᠤᠴᠠᠵᠤ᠂ ᠪᠥᠲᠥᠭᠡᠨ ᠪᠠᠶᠢᠭᠤᠯᠬᠤ ᠨᠢᠭᠡᠴᠡ ᠶᠢ ᠰᠢᠮᠳᠠᠭᠤᠯᠵᠤ ᠪᠠᠶᠢᠭᠠᠳ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠣᠲᠣᠷᠠᠬᠢ ᠭᠠᠵᠠᠷ ᠳᠡᠭᠡᠷᠡᠬᠢ ᠲᠡᠤᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠭᠠᠵᠠᠷ ᠳᠣᠤᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠬᠤ᠂ | ᠬᠠᠶᠢᠨ ᠰᠢᠨᠵᠢᠬᠦ ᠵᠢᠴᠢ ᠠᠪᠤᠷᠠᠯᠳᠠ ᠶᠢᠨ ᠴᠢᠨᠠᠷᠲᠠᠶ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ | ᠰᠠᠶᠢᠲᠤᠷ ᠬᠢᠨ᠎ᠠ᠃ | ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠲᠠᠷᠢᠶᠠᠨ ᠭᠠᠵᠠᠷ ᠢ ᠳᠠᠬᠢᠨ ᠳᠠᠷᠢᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠠᠪᠤᠴᠠ ᠳᠠᠬᠢ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠄ ᠦᠷᠡᠭᠳᠡᠭᠰᠡᠨ | ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠭᠤᠤᠯᠳᠠᠯᠭ᠎ᠠ ᠲᠠᠢ | ᠬᠠᠮᠠᠭᠠᠯᠠᠬᠤ ᠨᠢᠭᠡᠴᠡ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠮᠡᠳᠡᠭᠦᠯᠦᠨ᠎ᠡ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠰᠢᠰᠲ᠋ᠧᠮᠵᠢ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠶᠢ ᠵᠢᠭᠠᠨ ᠵᠢᠯᠤᠭᠤᠳᠤᠨ᠎ᠠ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ | ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠣᠰ ᠴᠣᠭᠴᠠ ᠵᠢᠴᠢ ᠡᠷᠬᠢᠨ ᠲᠣᠭᠤᠷᠢᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠨ᠎ᠠ᠃ | ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠳᠠ ᠶᠢᠨ ᠱᠠᠰᠢᠨ ᠰᠤᠷᠲᠠᠬᠤᠨ ᠤ ᠬᠡᠷᠡᠭ | ᠡᠷᠬᠢᠯᠡᠬᠦ ᠲᠤᠪᠴᠢᠶ᠎ᠠ᠄ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ | ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠬᠤᠯᠪᠣᠭᠳᠠᠬᠤ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ︔ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠱᠠᠰᠢᠨ | ᠰᠤᠷᠲᠠᠬᠤᠨ ᠤ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠪᠠᠶᠢᠴᠠᠭᠠᠬᠤ ᠪᠠ | ᠬᠠᠮᠠᠭᠠᠯᠠᠵᠤ ᠠᠰᠢᠭᠯᠠᠬᠤ ᠠᠵᠢᠯ ᠢ ᠰᠠᠶᠢᠲᠤᠷ ᠬᠢᠨ᠎ᠠ᠃ | ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠹᠧᠩᠵᠧᠨ ᠤ ᠬᠤᠪᠢᠶᠠᠷᠢ | ᠲᠣᠪᠴᠢᠶ᠎ᠠ᠄ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠵᠢᠴᠢ ᠡᠷᠬᠢᠨ ᠲᠣᠭᠤᠷᠢᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠰᠢᠯᠵᠢᠭᠦᠯᠵᠦ ᠪᠣᠯᠤᠰᠢ | ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠵᠢᠴᠢ ᠡᠷᠬᠢᠨ ᠲᠣᠭᠤᠷᠢᠨ ᠤ ᠬᠦᠨᠳᠦ ᠣᠨᠴᠠ ᠶᠡᠭᠡ ᠪᠣᠬᠢᠷᠲᠤᠯ ᠤᠨ | ᠠᠳᠡᠯ ᠪᠠ ᠠᠮᠢ ᠠᠬᠤᠶ ᠶᠢᠨ ᠡᠪᠳᠡᠭᠳᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ︔ | ᠲᠡᠦᠬᠡ ᠶᠢᠨ ᠳᠤᠷᠠᠰᠬᠠᠯᠲᠤ ᠵᠦᠢᠯᠡᠰ ᠲᠠᠢ ᠬᠤᠯᠪᠣᠭᠳᠠᠬᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ | ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠨ᠎ᠠ᠃ | ︵ᠬᠤᠶᠠᠷ︶ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯᠭᠦᠶ ᠶᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠨ᠎ᠡ᠃ | ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠄ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ | ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠠᠵᠢᠯ ᠤᠨ ᠪᠠᠶᠢᠷᠢ ᠪᠠᠨ ᠬᠠᠮᠠᠭᠠᠯᠠᠬᠤ | ᠬᠠᠷᠢᠭᠤᠴᠠᠯᠭ᠎ᠠ ᠲᠠᠢ ᠪᠠᠶᠢᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠲᠤᠰ | ᠲᠤᠰ ᠤᠨ ᠬᠠᠷᠢᠶ᠎ᠠ ᠣᠷᠣᠨ ᠤ ᠪᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠬᠠᠷᠢᠭᠤᠴᠠᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠪᠡᠶᠡᠴᠢ | ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ︔ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠲᠦᠪᠰᠢᠨ ᠤ ᠬᠠᠮᠢᠶᠠᠷᠤᠯᠲᠠ ᠶᠢ ᠤᠨᠤᠯ ᠰᠤᠷᠤᠯᠴᠠᠬᠤ ᠭᠤᠣᠯ ᠳᠤᠭᠤᠶᠢᠯᠠᠩ ᠢᠶᠠᠷ ᠰᠤᠷᠤᠯᠴᠠᠬᠤ ᠪᠠ ᠬᠢᠨᠠᠨ | ᠰᠢᠯᠭᠠᠬᠤ ᠬᠠᠷᠢᠭᠤᠴᠠᠯᠭ᠎ᠠ ᠶᠢᠨ ᠲᠦᠷᠢᠮ ᠤᠨ ᠴᠢᠬᠤᠯᠠ ᠠᠭᠤᠯᠭ᠎ᠠ ᠳᠤ ᠣᠷᠣᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ | ᠵᠢᠷᠤᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠡᠳᠦᠷ ᠳᠤᠳᠤᠮ ᠤᠨ ᠴᠢᠬᠤᠯᠠ | ᠵᠥᠪᠯᠡᠬᠦ ᠵᠦᠢᠯ ᠪᠠ ᠲᠣᠣᠷᠵᠢᠭᠤᠯᠤᠭᠰᠠᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠭᠤᠯᠵᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠲᠦᠷᠦᠯ ᠬᠤᠪᠢᠶᠠᠨ ᠴᠡᠭᠴᠡᠯᠡᠨ ᠵᠠᠰᠠᠬᠤ ᠶᠢ ᠬᠡᠷᠡᠭᠴᠡᠭᠡ ᠪᠠᠨ | ᠦᠨᠳᠦᠰᠦᠯᠡᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠣᠬᠢᠴᠠᠩᠭᠤᠶ ᠲᠤᠰᠬᠠᠶ ᠵᠠᠷᠤᠳᠠᠯ ᠢ ᠵᠢᠯ ᠪᠦᠷᠢ | ᠲᠣᠬᠢᠷᠠᠭᠤᠯᠵᠤ᠂ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ︔ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠬᠠᠷᠢᠶ᠎ᠠ ᠣᠷᠣᠨ ᠳᠠᠬᠢ ᠡᠯ᠎ᠡ ᠱᠠᠲᠤᠨ ᠤ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ᠂ ᠤᠷᠳᠤ ᠴᠠᠭᠠᠨ ᠬᠡᠷᠡᠮ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠨᠢᠬᠡᠴᠡ ᠪᠠᠷ ᠬᠠᠷᠠᠬᠠᠨ ᠬᠢᠨᠠᠨ ᠲᠣᠭᠲᠠᠭᠠᠵᠤ ᠨᠡᠶᠢᠲᠡᠯᠡᠭᠡᠳᠦᠶ ᠨᠢᠬᠡᠴᠡ ᠶᠢᠨ ᠰᠢᠯᠵᠢᠭᠦᠯᠵᠦ | ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠤᠬᠢᠷᠠᠯ ᠳᠤ ᠤᠴᠠᠷᠠᠭᠤᠯᠬᠤ ᠦᠭᠡᠢ | ᠪᠠᠶᠢᠬᠤ ᠶᠢ ᠦᠨᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠭ᠎ᠠ ᠭᠠᠵᠠᠷ ᠤᠨ ᠵᠠᠰᠠᠭ ᠵᠠᠬᠢᠷᠭᠠᠨ ᠤ ᠲᠣᠰᠬᠤᠨ ︵ | ᠨᠡᠶᠢᠭᠡᠮ ᠲᠣᠭᠤᠷᠢᠭ︶ ᠢ ᠱᠠᠯᠠᠪᠳᠠᠭᠤᠯᠤᠨ ᠲᠤᠰᠬᠠᠢ ᠬᠥᠮᠦᠨ ᠲᠤᠬᠢᠷᠠᠭᠤᠯᠵᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠯᠭᠡᠵᠦ᠂ | ᠪᠠᠶᠠᠷ ᠳᠤᠷᠠᠰᠬᠠᠯ ᠤᠨ ᠡᠳᠦᠷ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ ᠡᠳᠦᠷ ᠵᠡᠷᠭᠡ ᠣᠨᠴᠠᠭᠠᠢ ᠴᠠᠭ | ᠬᠤᠭᠤᠴᠠᠭᠠᠨ ᠤ ᠲᠣᠭᠤᠷᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠠᠷᠢᠯᠭ᠎ᠠ ᠵᠢᠴᠢ ᠡᠷᠬᠢᠨ ᠲᠣᠭᠤᠷᠢᠨ ᠤ ᠲᠦᠯᠡᠭᠡ ᠡᠪᠡᠰᠦ᠂ ᠮᠣᠳᠣᠨ ᠮᠠᠲ᠋ᠧᠷᠢᠶᠠᠯ᠂ ᠴᠠᠭᠠᠰᠤᠨ | ᠬᠠᠶᠢᠷᠴᠠᠭ ᠵᠡᠷᠭᠡ ᠰᠢᠲᠠᠮᠠᠬᠠᠢ ᠳᠡᠯᠪᠡᠷᠡᠮᠡᠲᠡᠭᠡᠢ ᠪᠣᠳᠠᠰ ᠢ ᠴᠠᠭ ᠲᠤᠬᠠᠢ ᠳᠤᠨᠢ ᠴᠡᠪᠡᠷᠯᠡᠨ ᠠᠷᠢᠯᠭᠠᠨ᠎ᠠ︔ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠠᠷᠢᠯᠭ᠎ᠠ ᠶᠢᠨ ᠴᠠᠬᠢᠯᠭᠠᠨ ᠤᠲᠠᠰᠤ ᠴᠠᠬᠢᠯᠭᠠᠨ ᠪᠠᠭᠠᠨ᠎ᠠ ᠶᠢ ᠡᠮᠬᠢᠯᠡᠨ ᠲᠢᠭᠯᠡᠬᠦ᠂ ᠭᠠᠯ | ᠴᠠᠬᠢᠯᠭᠠᠨ ᠬᠡᠷᠡᠭᠯᠡᠬᠦ᠂ ᠬᠤᠸᠠᠷ ᠫᠤᠤᠵᠢᠩ ᠲᠠᠯᠪᠢᠬᠤ ᠪᠠ ᠬᠦᠵᠢ ᠠᠰᠠᠭᠠᠬᠤ ᠵᠡᠷᠭᠡ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ | ᠪᠤᠰᠤᠳ ᠬᠤᠯᠪᠣᠭᠳᠠᠯ ᠪᠦᠬᠦᠢ ᠨᠢᠬᠡᠴᠡ ᠪᠠ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ | ᠭᠤᠷᠪᠠ᠂ ᠬᠠᠮᠠᠭᠠᠯᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ | ︵ᠨᠢᠭᠡ︶ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠲᠣᠭᠲᠠᠭᠠᠵᠤ | ᠨᠡᠶᠢᠲᠡᠯᠡᠬᠦ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠯᠠᠭ᠎ᠠ ᠮᠥᠴᠢᠷ ᠤᠳ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠶᠣᠰᠣᠭᠠᠷ ᠲᠤᠰ ᠬᠠᠷᠢᠶ᠎ᠠ | ᠣᠷᠣᠨ ᠤ ᠪᠠᠨ ᠲᠡᠦᠬᠡ᠂ ᠤᠷᠠᠯᠢᠭ᠂ ᠰᠢᠨᠵᠢᠯᠡᠬᠦ ᠤᠬᠠᠭᠠᠨ ᠤ ᠨᠡᠯᠢᠶᠡᠳ ᠦᠨ᠎ᠡ ᠴᠡᠨ᠎ᠡ ᠲᠠᠢ ᠰᠢᠯᠵᠢᠭᠦᠯᠵᠦ ᠪᠣᠯᠤᠰᠢ | ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠬᠤ ᠬᠡᠷᠡᠭᠲᠡᠶ᠃ | ᠥᠮᠴᠢᠯᠡᠭᠴᠢ᠂ ᠬᠡᠷᠡᠭᠯᠡᠭᠴᠢ ᠪᠠ ᠬᠠᠷᠢᠶ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠰᠢᠶᠠᠨ ᠤ ᠱᠠᠲᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠨᠢᠬᠡᠴᠡ ᠪᠠᠷ ᠲᠣᠭᠲᠠᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠬᠢᠨᠠᠨ ᠲᠣᠭᠲᠠᠭᠠᠯᠭᠠᠵᠤ ᠨᠡᠶᠢᠲᠡᠯᠡᠭᠦᠯᠬᠦ ᠶᠢᠨ ᠬᠠᠮᠲᠤ ᠳᠡᠭᠡᠳᠦ ᠱᠠᠲᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠮᠡᠳᠡᠭᠦᠯᠵᠦ ᠳᠠᠩᠰᠠᠯᠠᠭᠤᠯᠤᠨ᠎ᠠ᠃ | ᠨᠢᠭᠡᠨᠲᠡ ᠨᠡᠶᠢᠲᠡᠯᠡᠭᠰᠡᠨ ᠪᠣᠯᠪᠠᠴᠤ ᠬᠠᠷᠠᠬᠠᠨ ᠵᠠᠰᠠᠵᠤ ᠰᠡᠯᠪᠢᠭᠡ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠬᠡᠴᠡ ᠳᠤ ︽ᠬᠦᠨᠳᠦ ᠬᠦᠡᠭᠭᠡᠨ ᠠᠯᠭᠤᠷ ᠪᠠᠴᠢᠮ︾ ᠤᠨ ᠵᠠᠷᠴᠢᠮ ᠶᠣᠰᠣᠭᠠᠷ᠂ ᠲᠤᠰᠬᠠᠶ | ᠵᠦᠢᠯᠡᠰ ᠤᠨ ᠪᠡᠯᠡ ᠮᠥᠩᠭᠦ ᠶᠢ ᠪᠦᠯᠦᠭ ᠬᠤᠪᠢᠶᠠᠨ ᠲᠦᠷᠦᠯ ᠬᠤᠪᠢᠶᠠᠨ ᠲᠣᠬᠢᠷᠠᠭᠤᠯᠬᠤ ᠵᠢᠴᠢ ᠳᠡᠭᠡᠳᠦ ᠱᠠᠲᠤᠨ ᠤ | ᠨᠥᠬᠦᠪᠥᠷᠢ ᠪᠡᠯᠡ ᠮᠥᠩᠭᠦ ᠶᠢ ᠭᠤᠶᠤᠴᠢᠯᠠᠵᠤ᠂ ᠴᠠᠭ ᠲᠤᠬᠠᠶ ᠳᠤᠨᠢ ᠵᠠᠰᠠᠵᠤ ᠰᠡᠯᠪᠢᠵᠦ ᠬᠠᠮᠠᠭᠠᠯᠠᠬᠤ ᠬᠡᠷᠡᠭᠲᠡᠶ᠃ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠬᠡᠴᠡ ᠪᠠᠷ ᠬᠠᠷᠠᠬᠠᠨ ᠬᠢᠨᠠᠨ ᠲᠣᠭᠲᠠᠭᠠᠵᠤ | ᠨᠡᠶᠢᠲᠡᠯᠡᠭᠡᠳᠦᠶ ᠨᠢᠬᠡᠴᠡ ᠶᠢᠨ ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠤᠳᠠ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠰᠠᠯᠠᠭ᠎ᠠ ᠮᠥᠴᠢᠷ ᠠᠴᠠ ᠲᠡᠩᠰᠡᠯᠡᠠ ᠠᠪᠴᠤ ᠨᠡᠶᠢᠲᠡᠯᠡᠨ᠎ᠡ | ᠬᠤᠳᠠ ᠪᠠᠯᠭᠠᠰᠤᠨ ᠤ ᠭᠡᠷ ᠪᠠᠶᠢᠰᠢᠩ ᠢ ᠨᠤᠷᠠᠭᠠᠨ ᠨᠡᠭᠦᠯᠭᠡᠬᠦ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ | ᠵᠠᠰᠠᠬᠤ ᠵᠡᠷᠭᠡ ᠶᠠᠪᠤᠴᠠ ᠳᠤ᠂ ᠬᠠᠷᠠᠬᠠᠨ ᠲᠠᠩᠰᠠᠯᠠᠨ ᠨᠡᠶᠢᠲᠡᠯᠡᠭᠡᠳᠦᠶ ᠰᠢᠯᠵᠢᠭᠦᠯᠵᠦ ᠪᠣᠯᠤᠰᠢ ᠦᠭᠡᠢ ᠲᠡᠦᠬᠡ ᠶᠢᠨ | ᠳᠤᠷᠠᠰᠬᠠᠯᠲᠤ ᠵᠦᠢᠯ ᠵᠢᠴᠢ ᠲᠡᠭᠦᠨ ᠤ ᠲᠠᠭᠠᠯᠳᠠ ᠪᠣᠳᠠᠰ ᠢ ᠣᠯᠵᠤ ᠮᠡᠳᠡᠪᠡᠯ᠂ ᠬᠤᠯᠪᠣᠭᠳᠠᠯ ᠪᠦᠬᠦᠢ ᠨᠢᠬᠡᠴᠡ ᠪᠠ | ᠰᠠᠯᠠᠭ᠎ᠠ ᠮᠥᠴᠢᠷ ᠤᠳ ᠲᠡᠷᠡ ᠳᠠᠷᠤᠶ ᠳᠤᠨᠢ ᠰᠢᠪᠠᠳᠠᠨ ᠱᠠᠭᠠᠷᠳᠠᠵᠤ ᠪᠠᠶᠢᠭᠠᠳ ᠪᠠᠷᠢᠯᠭ᠎ᠠ ᠶᠢᠨ ᠠᠵᠢᠯ ᠢ ᠨᠢ | ᠵᠣᠭᠰᠣᠭᠠᠵᠤ᠂ ᠲᠤᠬᠠᠶ ᠶᠢᠨ ᠲᠠᠯᠠᠪᠤᠷ ᠢ ᠨᠢ ᠬᠠᠮᠠᠭᠠᠯᠠᠵᠤ᠂ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠬᠡᠴᠡ ᠶᠢ ᠪᠠᠶᠢᠭᠠᠯᠢ ᠶᠢᠨ ᠪᠤᠶᠤ ᠰᠠᠨᠠᠭᠠᠨ ᠳᠤ ᠤᠢᠭᠡᠢ | ᠰᠢᠯᠲᠠᠭᠠᠨ ᠠᠴᠠ ᠪᠤᠯᠵᠦ ᠡᠪᠳᠡᠷᠡᠵᠦ ᠰᠦᠢᠳᠦᠭᠰᠡᠨ ᠪᠠᠶᠢᠪᠠᠯ ᠪᠠᠭᠤᠷᠢ ᠶᠢ ᠨᠢ ᠬᠠᠮᠠᠭᠠᠯᠠᠬᠤ ᠬᠡᠷᠡᠭᠲᠡᠶ᠃ ᠤᠬ | ᠭᠠᠵᠠᠷ ᠲᠤᠨᠢ ᠲᠡᠬᠢᠠ ᠪᠠᠶᠢᠭᠤᠯᠬᠤ ᠪᠤᠶᠤ ᠬᠦᠴᠦᠨ ᠤᠢᠭᠡᠢ ᠪᠣᠯᠭᠠᠬᠤ ᠴᠢᠬᠤᠯᠠ ᠲᠠᠢ ᠪᠣᠯ ᠡᠷᠬᠡᠪᠰᠢ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠤᠭᠰᠠᠨ ᠤ ᠲᠡᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠬᠠᠤᠯᠢ ᠶᠣᠰᠣᠭᠠᠷ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠶ᠃ | ︵ᠬᠤᠶᠠᠷ︶ ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ | ᠵᠠᠰᠠᠬᠤ᠃ ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠤ ᠤᠬ ᠭᠠᠵᠠᠷ ᠲᠤᠨᠢ | ᠬᠠᠮᠠᠭᠠᠯᠠᠬᠤ ᠵᠠᠷᠴᠢᠮ ᠢ ᠬᠡᠷᠡᠭᠵᠢᠭᠦᠯᠦᠨ᠎ᠡ᠃ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠣᠯ ᠨᠡᠭᠦᠯᠭᠡᠵᠦ᠂ | ᠨᠤᠷᠠᠭᠠᠵᠤ ᠪᠣᠯᠬᠤ ᠦᠭᠡᠢ᠃ ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ | ᠵᠠᠰᠠᠬᠤ᠂ ᠠᠷᠠᠴᠢᠯᠠᠨ ᠬᠠᠮᠠᠭᠠᠯᠠᠬᠤ᠂ ᠨᠡᠭᠦᠯᠭᠡᠨ ᠰᠢᠯᠵᠢᠭᠦᠯᠬᠦ᠂ ᠬᠡᠷᠡᠭᠯᠡᠬᠦ ᠳᠡᠭᠡᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠤᠤᠯ ᠳᠦᠷᠰᠦ ᠪᠠᠶᠢᠳᠠᠯ ᠢ ᠬᠤᠪᠢᠷᠠᠭᠤᠯᠬᠤ ᠤᠢᠭᠡᠢ ᠪᠠᠶᠢᠬᠤ ᠵᠠᠷᠴᠢᠮ ᠢ ᠡᠷᠬᠡᠪᠰᠢ ᠵᠢᠷᠤᠮᠯᠠᠬᠤ ᠬᠡᠷᠡᠭᠲᠡᠶ | ᠡᠪᠳᠡᠨ ᠰᠦᠢᠳᠬᠡᠵᠦ᠂ ᠥᠭᠡᠷᠡᠴᠢᠯᠡᠨ ᠪᠠᠶᠢᠭᠤᠯᠵᠤ᠂ ᠨᠡᠮᠡᠵᠦ ᠪᠠᠶᠢᠭᠤᠯᠵᠤ ᠪᠣᠯᠬᠤ ᠤᠢᠭᠡᠢ᠃ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠᠷᠢᠯᠭ᠎ᠠ ᠶᠢᠨ ᠠᠵᠢᠯ ᠢ ᠬᠢᠬᠦ ᠳᠡᠭᠡᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠨᠢᠭᠡᠨᠲᠡ | ᠵᠥᠪᠰᠢᠶᠡᠷᠡᠭᠦᠯᠦᠭᠰᠡᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠥᠰᠦᠯ ᠤᠨ ᠳᠣᠲᠣᠷᠠᠬᠢ ᠴᠢᠬᠤᠯᠠ ᠠᠭᠤᠯᠭ᠎ᠠ ᠶᠢ | ᠬᠤᠪᠢᠷᠠᠭᠤᠯᠬᠤ ᠴᠢᠬᠤᠯᠠ ᠲᠠᠢ ᠪᠣᠯ ᠡᠷᠬᠡᠪᠰᠢ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ | ᠵᠥᠪᠰᠢᠶᠡᠷᠡᠭᠦᠯᠬᠦ ᠬᠡᠷᠡᠭᠲᠡᠶ᠃ | ︵ᠭᠤᠷᠪᠠ︶ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠴᠤ ᠠᠰᠢᠭᠯᠠᠬᠤ᠃ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠬᠡᠴᠡ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ | ᠪᠠ ᠪᠦᠳᠦᠭᠡᠠ ᠪᠠᠶᠢᠭᠤᠯᠤᠯᠲᠠ ᠬᠢᠬᠦ ᠶᠢ ᠬᠢᠵᠠᠭᠠᠷᠯᠠᠭᠰᠠᠨ ᠣᠷᠣᠨ ᠪᠦᠰᠡ ᠶᠢᠨ ᠳᠣᠲᠣᠷ᠎ᠠ ᠪᠠᠷᠢᠯᠭ᠎ᠠ ᠶᠢᠨ ᠪᠦᠳᠦᠭᠡᠠ | ᠪᠠᠶᠢᠭᠤᠯᠤᠯᠲᠠ ᠬᠢᠬᠦ ᠪᠤᠶᠤ ᠳᠡᠯᠪᠡᠴᠢᠬᠦ᠂ ᠥᠷᠥᠮᠳᠡᠵᠦ ᠬᠠᠶᠢᠬᠤ᠂ ᠠᠭᠤᠳᠠᠯᠵᠤ ᠮᠠᠯᠲᠠᠬᠤ ᠵᠡᠷᠭᠡ ᠠᠵᠢᠯ ᠢ ᠦᠨᠡᠬᠡᠷ | ᠬᠢᠬᠦ ᠴᠢᠬᠤᠯᠠᠲᠠᠶ ᠪᠠᠶᠢᠪᠠᠯ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠬᠡᠴᠡ ᠶᠢᠨ ᠠᠶᠤᠯᠭᠦᠶ | ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠶ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠬᠠᠤᠯᠢ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ︔ | ᠳᠡᠭᠡᠷ᠎ᠡ ᠳᠤᠷᠠᠳᠤᠭᠰᠠᠨ ᠭᠠᠷ ᠭᠦᠢᠴᠡᠳᠬᠡᠯ ᠢ ᠭᠦᠢᠴᠡᠳᠬᠡᠭᠰᠡᠨ ᠤᠢᠭᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠭᠠᠵᠠᠷ ᠰᠢᠷᠣᠶ ᠶᠢ ᠬᠡᠷᠡᠭᠯᠡᠬᠦ ᠪᠠ ᠦᠢᠯᠡᠳᠪᠦᠷᠢᠯᠡᠬᠦ᠂ ᠪᠦᠳᠦᠭᠡᠠ ᠪᠠᠶᠢᠭᠤᠯᠬᠤ ᠵᠥᠪᠰᠢᠶᠡᠷᠡᠯ ᠢ | ᠭᠦᠢᠴᠡᠳᠬᠡᠵᠦ ᠪᠣᠯᠬᠤ ᠤᠢᠭᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠤᠶᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠥᠳᠥᠭᠡᠨ ᠪᠠᠶᠢᠭᠤᠯᠬᠤ᠂ ᠪᠠᠷᠢᠯᠭ᠎ᠠ ᠪᠠᠷᠢᠬᠤ ᠶᠢ ᠬᠠᠷᠢᠭᠤᠴᠠᠵᠤ ᠪᠠᠶᠢᠭ᠎ᠠ ᠨᠢᠭᠡᠴᠡ ᠪᠣᠯᠤᠨ ᠬᠤᠪᠢ | ᠬᠥᠮᠦᠨ ᠪᠠᠷᠢᠯᠭ᠎ᠠ ᠪᠠᠷᠢᠬᠤ ᠪᠠᠨ ᠳᠠᠷᠦ᠋ᠢᠬᠠᠨ ᠵᠣᠭᠰᠣᠭᠠᠬᠤ ᠶᠢᠨ ᠬᠠᠮᠲᠤ ᠹᠧᠩᠵᠧᠨ ᠬᠤᠳᠠ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ | ᠹᠧᠩᠵᠧᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠤᠯᠠᠭᠠᠨᠴᠠᠪ ᠬᠤᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠱᠠᠳᠤ ᠳᠠᠷᠠᠭᠠᠯᠠᠨ ᠮᠡᠳᠡᠭᠦᠯᠵᠦ | ᠵᠣᠬᠢᠶᠠᠨ ᠪᠠᠶᠢᠭᠤᠯᠤᠨ ᠨᠡᠭᠡᠭᠡᠨ ᠮᠠᠯᠲᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠲᠥᠷᠥ ᠶᠢᠨ ᠶᠠᠪᠤᠳᠠᠯ ᠤᠨ | ᠬᠤᠷᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠭᠠᠷᠳᠠᠮ ᠨᠥᠬᠦᠵᠦ ᠬᠢᠯᠭᠡᠬᠦ ᠬᠡᠷᠡᠭᠲᠡᠶ᠃ ᠬᠠᠭᠤᠴᠢ | ᠰᠤᠳᠤᠯᠤᠯ ᠤᠨ ᠨᠡᠭᠡᠭᠡᠨ ᠮᠠᠯᠲᠠᠬᠤ ᠨᠢᠬᠡᠴᠡ ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ᠂ ᠬᠠᠶᠢᠨ | ᠰᠢᠨᠵᠢᠯᠡᠬᠦ ᠪᠠ ᠨᠡᠭᠡᠭᠡᠨ ᠮᠠᠯᠲᠠᠬᠤ ᠶᠢ ᠶᠠᠮᠠᠷᠪᠠ ᠨᠢᠬᠡᠴᠡ ᠪᠠ ᠬᠤᠪᠢ ᠬᠥᠮᠦᠨ ᠬᠠᠷᠰᠢᠯᠠᠵᠤ ᠪᠣᠯᠬᠤ ᠤᠢᠭᠡᠢ᠃ | ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠳᠠᠭᠤᠰᠬᠤ ᠠᠴᠠ ᠡᠮᠦᠨ᠎ᠡ᠂ ᠬᠠᠭᠤᠴᠢ ᠰᠤᠳᠤᠯᠤᠯ ᠤᠨ ᠨᠡᠭᠡᠭᠡᠨ | ᠮᠠᠯᠲᠠᠬᠤ ᠣᠷᠣᠨ ᠤ ᠳᠣᠲᠣᠷ᠎ᠠ ᠪᠠᠷᠢᠯᠭ᠎ᠠ ᠪᠠᠷᠢᠬᠤ ᠪᠤᠶᠤ ᠠᠵᠢᠯᠯᠠᠵᠤ ᠪᠣᠯᠬᠤ ᠤᠢᠭᠡᠢ᠃ ᠬᠠᠭᠤᠴᠢ ᠰᠤᠳᠤᠯᠤᠯ ᠤᠨ | ᠨᠡᠭᠡᠭᠡᠨ ᠮᠠᠯᠲᠠᠬᠤ ᠠᠵᠢᠯ ᠳᠠᠭᠤᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠤᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠣᠳᠠᠲᠠᠶ ᠰᠢᠢᠳᠪᠦᠷᠢᠯᠡᠬᠦ | ᠰᠠᠨᠠᠯ ᠢᠶᠠᠨ ᠭᠠᠷᠭᠠᠵᠤ ᠪᠥᠲᠥᠭᠡᠨ ᠪᠠᠶᠢᠭᠤᠯᠬᠤ ᠨᠢᠭᠡᠴᠡ ᠳᠤ ᠴᠢᠬᠤᠯᠠ ᠦᠯᠡᠳᠡᠭᠳᠡᠯ ᠢ ᠢᠯᠡᠷᠡᠭᠦᠯᠦᠭᠡᠳ ᠤᠬ | ᠭᠠᠵᠠᠷ ᠲᠤᠨᠢ ᠬᠠᠮᠠᠭᠠᠯᠠᠬᠤ ᠴᠢᠬᠤᠯᠠᠲᠠᠶ ᠪᠠᠶᠢᠪᠠᠯ᠂ ᠹᠧᠩᠵᠧᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ | ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ | ᠪᠦᠳᠦᠭᠡᠨ ᠪᠠᠶᠢᠭᠤᠯᠬᠤ ᠨᠢᠬᠡᠴᠡ ᠶᠢ ᠵᠠᠷᠯᠢᠭᠳᠠᠵᠤ ᠪᠠᠶᠢᠭᠠᠳ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ | ᠲᠥᠰᠦᠯ ᠳᠤ ᠴᠠᠭ ᠲᠤᠬᠠᠶ ᠳᠤᠨᠢ ᠲᠤᠬᠢᠷᠠᠭᠤᠯᠤᠯᠳᠠ ᠬᠢᠯᠭᠡᠵᠦ᠂ ᠬᠠᠮᠠᠭᠠᠯᠠᠯᠲᠠ ᠶᠢᠨ ᠠᠵᠢᠯ ᠢ ᠬᠠᠮᠵᠢᠨ ᠰᠠᠶᠢᠲᠤᠷ | ᠬᠢᠯᠭᠡᠬᠦ ᠬᠡᠷᠡᠭᠲᠡᠶ᠃ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠳᠤ ᠲᠣᠭᠠᠴᠠᠭᠳᠠᠬᠤ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠵᠠᠷ ᠨᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠂ ᠱᠠᠰᠢᠨ ᠰᠤᠷᠲᠠᠬᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠰᠠᠯᠠᠭ᠎ᠠ ᠮᠥᠴᠢᠷ ᠤᠳ ᠲᠤᠰ ᠲᠠᠯᠠᠪᠤᠷ ᠭᠠᠵᠠᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠶ᠃ | ᠳᠥᠷᠪᠡ᠂ ᠬᠡᠷᠡᠭᠵᠢᠭᠦᠯᠬᠦ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ | ᠬᠡᠷᠡᠭ ᠡᠷᠬᠢᠯᠡᠬᠦ ᠭᠠᠵᠠᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠡᠯ᠎ᠡ | ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠳᠤ | ᠣᠷᠣᠭᠤᠯᠬᠤ ᠬᠡᠷᠡᠭᠲᠡᠶ᠃ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢ ᠪᠥᠬᠦ ᠬᠤᠲᠠ ᠶᠢᠨ ᠲᠡᠤᠬᠡ ᠶᠢᠨ | ᠳᠤᠷᠠᠰᠬᠠᠯᠲᠤ ᠵᠦᠢᠯᠡᠰ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠬᠦᠢᠴᠡᠳᠬᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠰᠢᠶᠠᠩ ᠪᠠᠯᠭᠠᠰᠤ᠂ ᠬᠡᠷᠡᠭ ᠡᠷᠬᠢᠯᠡᠬᠦ | ᠭᠠᠵᠠᠷ ᠨᠢ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠦᠢᠯᠡᠰ ᠢ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠡᠷᠡᠭᠰᠡᠬᠦ ᠵᠠᠷᠤᠳᠠᠯ ᠢ ᠮᠠᠨ ᠤ ᠬᠤᠲᠠ ᠶᠢᠨ ᠡᠳ᠋ ᠤᠨ | ᠵᠠᠰᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠶ ᠵᠦᠢᠯ ᠤᠨ ᠵᠠᠷᠤᠳᠠᠯ ᠢ ᠬᠡᠷᠡᠭᠯᠡᠬᠦ ᠪᠠ | ᠬᠠᠮᠢᠶᠠᠷᠬᠤ ᠳᠤ ᠤᠯᠤᠰ ᠤᠨ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠢᠭᠡᠳ ᠹᠧᠩᠵᠧᠨ ᠬᠤᠳᠠ ᠶᠢᠨ ᠬᠤᠯᠪᠣᠭᠳᠠᠯ ᠪᠥᠬᠦᠢ | ᠲᠥᠷᠥ ᠶᠢᠨ ᠪᠤᠳᠤᠯᠭ᠎ᠠ ᠪᠣᠯᠤᠨ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ | ᠬᠡᠷᠡᠭᠵᠢᠭᠦᠯᠬᠦ ᠶᠢᠨ ᠬᠠᠮᠲᠤ ᠡᠳ᠋ ᠤᠨ ᠵᠠᠰᠠᠭ᠂ ᠬᠢᠨᠠᠨ ᠪᠤᠳᠤᠯᠳᠠ᠂ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ | ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ | ᠤᠳ ᠲᠤᠰ ᠬᠡᠷᠡᠭᠵᠢᠭᠦᠯᠬᠦ ᠰᠠᠨᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠠᠰᠢᠭᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠴᠢᠬᠤᠯᠠ ᠶᠡᠭᠡ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠬᠤᠳᠠ ᠶᠢᠨ ᠨᠠᠮ ᠤᠨ ᠬᠤᠷᠢᠶ᠎ᠠ ᠪᠠ | ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠢᠭᠠᠪᠤᠷᠢ ᠠᠪᠬᠤ ᠬᠡᠷᠡᠭᠲᠡᠶ᠃ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |