︽ᠹᠧᠩᠵᠧᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠠᠬᠤᠶ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ᠤᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/7
   2023 ᠣᠨ ᠤ 12 ᠰᠠᠷ᠎ᠠ ᠶᠢᠨ 27 ᠤ ᠡᠳᠦᠷ᠂  ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠹᠧᠩᠵᠧᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠠᠬᠤᠶ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠳᠦᠭᠡ ︽ᠹᠧᠩᠵᠧᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠠᠬᠤᠶ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ᠤᠨ ᠪᠣᠳᠠᠲᠠᠶ ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠲᠤᠤᠷᠠᠬᠢ ᠮᠡᠳᠤ᠄    ᠨᠢᠭᠡ᠂ ᠲᠣᠭᠲᠠᠭᠠᠬᠤ ᠦᠨᠳᠦᠰᠦᠯᠡᠯ ᠵᠢᠴᠢ ᠠᠬᠤᠶ ᠪᠠᠶᠢᠳᠠᠯ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠬᠦᠢᠴᠡᠳᠭᠡᠬᠦ ᠵᠥᠪᠯᠡᠯ ᠤᠨ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠶᠢᠨ ᠬᠡᠯᠲᠡᠰ ᠤᠨ ᠠᠵᠢᠯ ᠤᠨ ᠲᠥᠰᠦᠯ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠤᠨ ᠠᠷᠪᠠᠨ ᠳᠥᠷᠪᠡᠳᠦᠭᠡᠷ ᠡᠪᠦᠯ ᠤᠯᠠᠭᠠᠨᠴᠠᠪ ᠬᠦᠢᠴᠡᠳᠭᠡᠭᠦ ᠥᠰᠥᠭ︹ 2023 ︺3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠷᠤᠯᠳᠤᠭᠠᠨ ᠤ ᠬᠤᠭᠤᠴᠠᠭᠠᠨ ᠳᠠᠬᠢ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠯᠠᠬᠤ ᠰᠢᠯᠢᠳᠡᠭ ᠰᠠᠶᠢᠨ ᠬᠠᠷᠠᠯᠲᠠ ᠶᠢᠨ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠲᠣᠰ ᠲᠥᠰᠦᠯ ᠢ ᠲᠣᠭᠲᠠᠭᠠᠪᠠ᠃    ᠬᠤᠶᠠᠷ᠂ ᠲᠣᠭᠲᠠᠭᠠᠬᠤ ᠠᠴᠢ ᠬᠤᠯᠪᠣᠭᠳᠠᠯ   ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠹᠧᠩᠵᠧᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠠᠬᠤᠶ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ᠢ ᠲᠣᠭᠲᠠᠭᠠᠵᠤ᠂ ᠹᠧᠩᠵᠧᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠠᠬᠤᠶ ᠶᠢᠨ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠ ᠡᠭᠦᠷᠭᠡ ᠬᠠᠷᠠᠯᠲᠠ ᠶᠢ ᠲᠣᠳᠣᠷᠬᠠᠶ ᠲᠣᠭᠲᠠᠭᠠᠭᠰᠠᠨ ᠨᠢ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠪᠠᠶᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃     ᠭᠤᠷᠪᠠ᠂ ᠠᠵᠢᠯ ᠤᠨ ᠱᠠᠭᠠᠷᠳᠠᠯᠭ᠎ᠠ ᠬᠢᠭᠡᠳ ᠲᠣᠭᠲᠠᠭᠠᠬᠤ ᠬᠠᠷᠠᠯᠲᠠ   ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ︾ ᠪᠠᠷ ᠭᠠᠷᠳᠠᠴᠠ ᠪᠣᠯᠭᠠᠵᠤ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠤᠷᠤᠯᠳᠤᠭᠠᠨ ᠤ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠪᠦᠬᠦᠨ ᠢᠶᠠᠷ ᠢᠶᠠᠨ ᠰᠢᠯᠢᠳᠡᠭ ᠰᠠᠶᠢᠨ ︵ᠡᠯᠡᠰᠦᠨ ᠰᠢᠭᠤᠷᠭᠠᠲᠤ ᠴᠠᠭ ᠠᠭᠤᠷ᠂ ᠬᠢᠯᠢ ᠶᠢᠨ ᠭᠠᠳᠠᠨᠠᠬᠢ ᠣᠶ ᠰᠢᠭᠤᠶ ᠶᠢᠨ ᠭᠠᠯ ᠤᠨ ᠠᠶᠤᠯ ᠵᠡᠷᠭᠡ ᠡᠰᠡᠷᠭᠦᠴᠡᠰᠢ ᠥᠬᠡᠶ ᠬᠦᠴᠦᠨ ᠵᠦᠢᠯ ᠠᠴᠠ ᠪᠣᠯᠤᠭᠰᠠᠨ ᠨᠥᠯᠥᠭᠡ ᠡᠭᠦᠨ ᠳᠤ ᠪᠠᠭᠲᠠᠬᠤ ᠥᠬᠡᠶ︶ ᠢ ᠦᠨᠡᠨᠬᠦ ᠪᠠᠲᠤᠯᠠᠨ᠎ᠠ᠃     ᠳᠥᠷᠪᠡ᠂ ᠪᠢᠴᠢᠭ ᠮᠠᠲ᠋ᠧᠷᠢᠶᠠᠯ ᠤᠨ ᠬᠡᠷᠡᠭᠵᠢᠭᠦᠯᠬᠦ ᠪᠠᠷ ᠱᠠᠭᠠᠷᠳᠠᠭᠰᠠᠨ ᠴᠠᠭ ᠬᠤᠭᠤᠴᠠᠭ᠎ᠠ    ︵ᠨᠢᠭᠡ︶ ᠤᠷᠤᠯᠳᠤᠭᠠᠨ ᠠᠴᠠ ᠡᠮᠦᠨᠡᠬᠢ ᠪᠠᠲᠤᠯᠠᠭ᠎ᠠ ᠶᠢᠨ ᠱᠠᠲᠤ ᠦᠶ᠎ᠡ᠄ ᠲᠥᠰᠦᠯ ᠢ ᠨᠡᠶᠢᠲᠡᠯᠡᠭᠰᠡᠨ ᠡᠳᠦᠷ ᠠᠴᠠ 2024 ᠣᠨ ᠤ 2 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ     ︵ᠬᠤᠶᠠᠷ︶ ᠤᠷᠤᠯᠳᠤᠭᠠᠨ ᠤ ᠴᠠᠭ ᠤᠨ ᠪᠠᠲᠤᠯᠠᠭ᠎ᠠ ᠶᠢᠨ ᠱᠠᠲᠤ᠄ 2024 ᠣᠨ ᠤ 2 ᠰᠠᠷ᠎ᠠ ᠶᠢᠨ 12 ᠤᠨ ᠡᠳᠦᠷ ᠠᠴᠠ 2 ᠰᠠᠷ᠎ᠠ ᠶᠢᠨ 27 ᠤ ᠡᠳᠦᠷ ᠪᠣᠯᠲᠠᠯ᠎ᠠ          ᠤᠷᠴᠢᠭᠤᠯᠤᠬᠴᠢ᠄ ᠬᠠᠨ ᠰᠢᠶᠤᠤ ᠿᠦᠩ          ᠬᠢᠨᠠᠬᠴᠢ᠄ ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3