| ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ | ︽2024 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠳᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠤᠭᠠᠳ᠂ | ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ︽2024 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ | ᠨᠡᠶᠢᠲᠡᠯᠡᠪᠡ᠃ | ᠤᠯᠤᠰ ᠠᠴᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠨᠡᠮᠡᠭᠳᠡᠯ᠂ ᠪᠠᠷᠠᠭᠠᠨ ᠤ ᠦᠨ᠎ᠡ ᠶᠢᠨ | ᠥᠰᠥᠯᠲᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠤᠨ ᠲᠦᠪᠰᠢᠨ ᠢ ᠴᠠᠭ ᠲᠤᠨᠢ ᠲᠣᠬᠢᠷᠠᠭᠤᠯᠤᠨ | ᠳᠡᠭᠡᠭᠰᠢᠯᠡᠭᠦᠯᠦᠨ᠎ᠡ᠃ 2024 ᠣᠨ ᠤ ᠪᠥᠬᠦ ᠤᠯᠤᠰ ᠤᠨ ᠲᠣᠬᠢᠷᠠᠭᠤᠯᠤᠯᠲᠠ ᠬᠢᠬᠦ ᠬᠠᠷᠢᠴᠠᠯ ᠢ 2023 ᠣᠨ ᠤ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠰᠠᠷ᠎ᠠ ᠶᠢᠨ ᠬᠥᠮᠦᠨ ᠳᠤᠮᠳᠠᠴᠢ ᠶᠢᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ 3.0 % ᠢᠶᠠᠷ ᠲᠣᠭᠲᠠᠭᠠᠪᠠ᠂ ᠡᠨᠡ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠲᠠᠢ ᠵᠣᠬᠢᠴᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢ ᠠᠵᠤ ᠠᠬᠤᠶ ᠪᠠ | ᠡᠳ᠋ ᠤᠨ ᠬᠦᠴᠦᠨ ᠤ ᠦᠷᠭᠦᠯᠵᠢᠯᠡᠬᠦ ᠨᠡᠮᠡᠭᠳᠡᠯ ᠤᠨ ᠰᠠᠭᠤᠷᠢᠨ ᠳᠡᠭᠡᠷ᠎ᠡ ᠪᠠᠶᠢᠭᠤᠯᠬᠤ ᠱᠠᠭᠠᠷᠳᠠᠯᠭ᠎ᠠ ᠶᠢ ᠢᠯᠡᠷᠡᠭᠦᠯᠪᠡ᠃ | 3.0 % ᠪᠣᠯ ᠳᠤᠮᠳᠠᠴᠢ ᠨᠡᠮᠡᠭᠳᠡᠯ ᠤᠨ ᠬᠡᠮᠵᠢᠶ᠎ᠡ ᠪᠤᠯᠤᠨ᠎ᠠ᠂ ᠬᠠᠷᠢᠨ ᠠᠵᠢᠯ ᠠᠴᠠ ᠪᠠᠨ ᠪᠠᠭᠤᠵᠤ ᠠᠮᠠᠷᠠᠭᠰᠠᠳ | ᠨᠢᠭᠡᠪᠦᠷᠢ ᠳᠤ ᠴᠥᠮ 3.0 % ᠢᠶᠠᠷ ᠲᠤᠬᠢᠷᠠᠭᠤᠯᠤᠯᠳᠠ ᠬᠢᠨ᠎ᠡ ᠬᠡᠰᠡᠨ ᠲᠥᠬᠦᠮ ᠶᠠᠪᠤᠳᠠᠯ ᠪᠢᠰᠢ ᠶᠤᠮ᠂ | ᠪᠣᠳᠠᠲᠠᠶ ᠪᠠᠷ ᠬᠡᠯᠡᠪᠡᠯ ᠬᠥᠮᠦᠨ ᠨᠢᠭᠡᠪᠦᠷᠢ ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ ᠨᠢ ᠬᠤᠪᠢ ᠬᠥᠮᠦᠨ ᠤ ᠰᠦᠢᠳᠭᠡᠯ | ᠲᠤᠰᠢᠶᠠᠭᠰᠠᠨ ᠵᠢᠯ ᠬᠤᠭᠤᠴᠠᠭ᠎ᠠ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ᠂ ᠤᠨ ᠵᠢᠯ ᠵᠡᠷᠭᠡ | ᠪᠠᠶᠢᠳᠠᠯ ᠲᠠᠢ ᠬᠤᠯᠪᠣᠭ᠎ᠠ ᠲᠠᠢ ᠶᠤᠮ᠃ ᠲᠣᠬᠢᠷᠠᠭᠤᠯᠤᠯᠲᠠ ᠬᠢᠵᠦ ᠨᠡᠮᠡᠭᠰᠡᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠭᠡᠷᠡᠭᠵᠢᠬᠦᠯᠬᠦ ᠪᠤᠯᠤᠨ᠎ᠠ᠃ | | | | ᠪᠡᠯᠡᠳᠭᠡᠭᠡᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠠᠷᠠᠳ ᠤᠨ ᠮᠣᠩᠭᠤᠯ ᠰᠦᠯᠵᠢᠶ᠎ᠡ |