ᠡᠳᠡᠭᠡᠷ ᠰᠢᠨ᠎ᠡ ᠲᠣᠭᠲᠠᠭᠠᠯ ᠢ ᠥᠨᠥᠳᠦᠷ ᠠᠴᠠ ᠡᠬᠢᠯᠡᠵᠦ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/7/12
  7 ᠰᠠᠷ᠎ᠠ ᠪᠤᠯᠬᠤ ᠳᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠨᠢᠭᠡ ᠪᠦᠯᠦᠭ ᠰᠢᠨ᠎ᠡ ᠲᠣᠭᠲᠠᠭᠠᠯ ᠢ ᠬᠡᠷᠡᠭᠵᠢᠭᠦᠯᠬᠦ ᠪᠣᠯᠤᠨ᠎ᠠ᠃    ᠳᠠᠩᠰᠠᠯᠠᠭᠤᠯᠤᠭᠰᠠᠨ ᠬᠥᠷᠥᠩᠭᠡ ᠶᠢᠨ ᠳᠠᠭᠠᠭᠠᠨ ᠲᠤᠰᠢᠶᠠᠬᠤ ᠳᠡᠰ ᠵᠡᠷᠭᠡ ᠶᠢ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ︽ᠲᠤᠭ᠎ᠠ ᠪᠠᠷᠢᠮᠲᠠ ᠪᠠᠨ ᠠᠰᠢᠭᠯᠠᠨ ᠬᠡᠷᠡᠭᠯᠡᠭᠴᠢ ᠳᠤ ᠦᠨ᠎ᠡ ᠬᠠᠩᠰᠢ ᠶᠢᠨ ᠭᠠᠳᠠᠭᠤᠷᠴᠢᠯᠠᠯ ᠶᠠᠪᠤᠭᠤᠯᠬᠤ︾ ᠶᠢ ᠵᠠᠰᠠᠵᠦ ᠠᠦ᠋ᠲ᠋ᠣ᠋ ᠰᠦᠢᠳᠭᠡᠯ ᠲᠤᠰᠢᠶᠠᠬᠤ ᠶᠠᠪᠤᠳᠠᠯ ᠢ ᠵᠢᠷᠤᠮᠵᠢᠭᠤᠯᠵᠦ᠂ ᠬᠡᠷᠡᠭᠯᠡᠭᠴᠢᠳ ᠤᠨ ᠡᠷᠬᠡ ᠠᠰᠢᠭ ᠢ ᠰᠢᠨ᠎ᠡ ᠪᠠᠲᠤᠯᠠᠭ᠎ᠠ ᠲᠠᠢ ᠪᠤᠯᠭᠠᠵᠤ ︽ᠨᠢᠭᠡ ᠦᠨᠡᠮᠯᠡᠯ ᠢᠶᠠᠷ ᠨᠡᠶᠢᠳᠡᠮ ᠬᠦᠢᠴᠡᠳᠬᠡᠬᠦ︾ ᠶᠢ ᠪᠠᠳᠤᠯᠠᠵᠤ᠂ ᠲᠦᠷᠭᠡᠨ ᠬᠦᠷᠭᠡᠯᠲᠡ  ᠶᠢ ᠭᠡᠷ ᠲᠤᠨᠢ ᠬᠦᠷᠭᠡᠬᠦ ᠦᠢᠯᠡᠴᠢᠯᠡᠭᠡ ᠬᠢᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠨᠦᠭᠦᠳ  ᠢ ᠠᠪᠴᠤ᠂ ᠰᠢᠨ᠎ᠡ ᠡᠨᠧᠷᠭᠢ ᠶᠢᠨ ᠮᠠᠰᠢᠨ ᠲᠡᠷᠭᠡ ᠳᠤ ᠲᠡᠷᠭᠡ ᠣᠩᠭᠤᠴᠠ ᠶᠢᠨ ᠭᠠᠶᠢᠯᠢ ᠶᠢᠨ ᠬᠠᠷᠠᠭᠠᠯᠵᠠᠯ ᠢ ᠬᠦᠷᠳᠡᠭᠡᠵᠦ᠂ ᠭᠤᠷᠪᠠᠨ ᠰᠠᠯᠠᠭ᠎ᠠ ᠮᠥᠴᠢᠷ ᠤᠨ ᠬᠢᠨ ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠳᠤ ︽ᠦᠨᠡᠮᠯᠡᠯ︾ ᠲᠠᠢ ᠪᠠᠶᠢᠬᠤ ᠶᠢ ᠱᠠᠭᠠᠷᠳᠠᠵᠤ᠂ ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠨᠠᠬᠰᠢᠳᠠ ᠠᠬᠢᠭᠤᠯᠵᠦ᠂ ᠬᠡᠶᠢᠯᠡᠬᠦ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ ᠳᠤ ᠬᠡᠶ ᠯᠡᠪᠡᠷᠡᠭᠰᠡᠨ ᠭᠡᠮᠲᠦᠯ ᠭᠠᠷᠬᠤ ᠵᠡᠷᠭᠡ ᠲᠦᠭᠰᠢᠭᠦᠷᠢ ᠶᠢ ᠮᠡᠳᠡᠭᠡᠯᠡᠬᠦ ᠬᠢᠨᠠᠨ ᠬᠡᠮᠵᠢᠬᠦ ᠲᠣᠨᠣᠭᠯᠠᠯ ᠢ ᠤᠬᠰᠠᠷᠠᠵᠦ᠂ ᠪᠠᠷᠠᠭ᠎ᠠ ᠶᠢᠨ ᠬᠦᠢᠯᠭᠡᠭᠡᠨ ᠤ ᠡᠷᠭᠢᠯᠲᠡ ᠶᠢᠨ ᠴᠢᠩᠭᠡᠯᠢᠭ ᠤᠨ ᠪᠦᠲᠦᠭᠡᠭᠳᠡᠬᠦᠨ ᠢ ᠪᠣᠬᠢᠷᠲᠤᠯ ᠦᠭᠡᠢ ᠪᠠᠶᠢᠯᠭᠠᠵᠤ ᠳᠡᠰ ᠳᠡᠪᠰᠢᠭᠦᠯᠦᠨ᠎ᠡ᠃         ᠪᠡᠯᠡᠳᠭᠡᠭᠡᠰᠡᠨ ᠨᠢ᠄ ᠬᠠᠨ ᠰᠢᠶᠤᠤ ᠿᠦᠩ     ᠬᠢᠨᠠᠬᠴᠢ᠄ ᠼᠦᠢ ᠶᠢᠩ     ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3