| ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢ ᠴᠢᠨᠠᠬᠰᠢᠳᠠ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠡᠷᠡᠴᠢᠯᠡᠯ ᠵᠥᠪᠰᠢᠶᠡᠷᠡᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ | ᠬᠡᠷᠡᠭᠯᠡᠬᠦ ᠴᠠᠬᠢᠯᠭᠠᠨ ᠴᠡᠨᠡᠭᠯᠡᠭᠦᠷ ᠲᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CCC | ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄ | ᠨᠢᠭᠡ᠂ 2024 ᠣᠨ ᠤ 10 ᠰᠠᠷ᠎ᠠ ᠶᠢᠨ 15 ᠤ ᠡᠳᠦᠷ ᠠᠴᠠ ᠡᠬᠢᠯᠡᠨ᠂ ᠵᠢᠭᠠᠨ ᠲᠣᠭᠲᠠᠭᠠᠭᠰᠠᠨ | ᠭᠡᠷᠡᠴᠢᠯᠡᠯ ᠤᠨ ᠪᠠᠶᠢᠭᠤᠯᠤᠮᠵᠢ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠯᠢᠲ᠋ᠢ ᠢᠶᠣᠨ ᠤ | ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠴᠠᠬᠢᠯᠭᠠᠨ ᠴᠡᠨᠡᠭᠯᠡᠭᠦᠷ ︵ | ᠦᠢᠯᠡᠳᠬᠦᠨ ᠤ ᠳᠦᠷᠰᠦᠯᠡᠯ ᠬᠢᠭᠡᠳ ᠵᠠᠭᠠᠭ ᠤᠨ ᠨᠠᠷᠢᠨ ᠲᠣᠳᠣᠷᠬᠠᠶ ᠳᠠᠭᠠᠯᠳᠤᠭᠤᠯᠤᠯ ᠢ ᠦᠵᠡ︶ ᠤᠨ CCC | ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠵᠣᠬᠢᠬᠤ ᠠᠯᠪᠠᠳᠠᠯᠭ᠎ᠠ ᠶᠢᠨ ᠴᠢᠨᠠᠷᠲᠠᠶ | ᠦᠢᠯᠡᠳᠬᠦᠨ ᠤ ᠭᠡᠷᠡᠴᠢᠯᠡᠯ ᠤᠨ ᠬᠡᠷᠡᠭᠵᠢᠭᠦᠯᠬᠦ ᠲᠦᠷᠢᠮ ᠪᠠ ᠬᠡᠷᠡᠭᠯᠡᠭᠡᠨ ᠤ ᠪᠠᠷᠢᠮᠵᠢᠶ᠎ᠠ ᠶᠣᠰᠣᠭᠠᠷ CCC | ᠭᠡᠷᠡᠴᠢᠯᠡᠯ ᠤᠨ ᠠᠵᠢᠯ ᠢ ᠥᠷᠨᠢᠭᠦᠯᠦᠨ᠎ᠡ᠃ ᠭᠡᠷᠡᠴᠢᠯᠡᠯ ᠤᠨ ᠲᠦᠭᠰᠢᠭᠦᠷᠢ ᠶᠢ ᠡᠵᠡᠮᠳᠡᠵᠦ ᠪᠣᠯᠬᠤ᠂ ᠭᠡᠷᠡᠴᠢᠯᠡᠯ ᠤᠨ | ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠨᠢᠭᠡᠨᠲᠡ ᠬᠢᠷᠢ ᠲᠡᠩᠴᠡᠵᠦ ᠦᠨᠡᠯᠡᠨ ᠲᠣᠭᠲᠠᠭᠠᠭᠰᠠᠨ ᠦᠷ᠎ᠡ | ᠳ᠋ᠦᠩ ᠢ ᠢᠳᠡᠪᠬᠢᠲᠡᠶ ᠪᠠᠷ ᠦᠨᠡᠮᠰᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠂ ᠠᠵᠤ | ᠠᠬᠤᠶᠢᠯᠠᠯ ᠤᠨ ᠦᠨᠡᠮᠯᠡᠯ ᠣᠯᠬᠤ ᠳᠤ ᠳᠥᠭᠦᠮ ᠦᠵᠡᠭᠦᠯᠬᠦ ᠬᠡᠷᠡᠭᠲᠡᠶ᠃ | ᠬᠤᠶᠠᠷ᠂ 2025 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ᠂ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠳᠤ ᠬᠡᠷᠡᠭᠯᠡᠬᠦ ᠴᠡᠨᠡᠭᠯᠡᠭᠦᠷ ᠢ CCC ᠪᠠᠷ ᠭᠡᠷᠡᠴᠢᠯᠡᠭᠦᠯᠬᠦ ᠶᠢᠨ ᠬᠠᠮᠲᠤ CCC ᠭᠡᠷᠡᠴᠢᠯᠡᠯ ᠤᠨ ᠲᠡᠮᠳᠡᠭ | ᠬᠠᠳᠠᠬᠰᠡᠨ ᠤ ᠳᠠᠷᠠᠭ᠎ᠠ ᠰᠠᠶ᠋ᠢ ᠦᠢᠯᠡᠳᠪᠦᠷᠢ ᠠᠴᠠ ᠭᠠᠷᠭᠠᠬᠤ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ | ᠪᠤᠶᠤ ᠪᠤᠰᠤᠳ ᠡᠵᠡᠩᠨᠡᠯᠲᠡ ᠶᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠤᠨ᠎ᠠ᠃ | ᠭᠤᠷᠪᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠴᠠᠬᠢᠯᠭᠠᠨ ᠴᠡᠨᠡᠭᠯᠡᠭᠦᠷ ᠲᠤ CCC ᠶᠢᠨ ᠭᠡᠷᠡᠴᠢᠯᠡᠯ | ᠬᠢᠬᠦ᠂ ᠪᠠᠶᠢᠴᠠᠭᠠᠨ ᠬᠡᠮᠵᠢᠬᠦ ᠠᠵᠢᠯ ᠤᠨ ᠭᠡᠷᠡᠴᠢᠯᠡᠯ ᠤᠨ ᠪᠠᠶᠢᠭᠤᠯᠤᠮᠵᠢ ᠪᠣᠯᠤᠨ ᠲᠤᠷᠰᠢᠯᠲᠠ ᠶᠢᠨ ᠲᠠᠰᠤᠭ ᠢ | ᠠᠰ ᠲᠤᠨᠢ ᠲᠣᠭᠲᠠᠭᠠᠨ᠎ᠠ᠃ | | | ᠪᠡᠯᠡᠳᠭᠡᠭᠡᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠠᠷᠠᠳ ᠤᠨ ᠮᠣᠩᠭᠤᠯ ᠰᠦᠯᠵᠢᠶ᠎ᠡ | |