| ᠴᠠᠬᠢᠯᠭᠠᠨ ᠱᠠᠲᠤ ᠶᠢᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠨᠢ ᠥᠪᠡᠰᠦᠪᠡᠨ ᠰᠢᠯᠭᠠᠨ | ᠪᠠᠶᠢᠴᠠᠭᠠᠬᠤ ᠶᠢ ᠣᠷᠣᠯᠠᠵᠤ ᠪᠣᠯᠣᠨ᠎ᠠ ᠤᠤ︖ ᠳᠤᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠭᠰᠠᠨ ᠪᠣᠯ | ᠥᠪᠡᠰᠦᠪᠡᠨ ᠰᠢᠯᠭᠠᠨ ᠪᠠᠶᠢᠴᠠᠭᠠᠬᠤ ᠦᠭᠡᠢ ᠪᠠᠶᠢᠵᠤ ᠪᠣᠯᠣᠨ᠎ᠠ ᠦᠦ︖ | ᠬᠠᠷᠢᠭᠤᠯᠲᠠ᠄ ᠪᠣᠯᠬᠤ ᠦᠭᠡᠢ᠃ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠬᠠᠤᠯᠢ︾ ᠶᠢ ᠦᠨᠳᠦᠰᠦᠯᠡᠪᠡᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠳᠦᠷᠢᠮ ᠭᠡᠳᠡᠭ ᠨᠢ ᠬᠢᠨᠠᠨ ᠵᠥᠪᠰᠢᠶᠡᠷᠡᠭᠦᠯᠦᠭᠰᠡᠨ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠬᠢᠷᠢ ᠭᠡᠮ ᠢ ᠪᠦᠷᠢᠯᠳᠦᠭᠦᠯᠦᠭᠰᠡᠨ | ᠪᠠᠶᠢᠭᠤᠯᠤᠮᠵᠢ ᠨᠢ᠂ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠲᠠᠢ ᠬᠤᠯᠪᠣᠭᠳᠠᠬᠤ ᠱᠠᠭᠠᠷᠳᠠᠯᠭ᠎ᠠ ᠶᠣᠰᠣᠭᠠᠷ᠂ | ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠪᠠᠶᠢᠴᠠᠭᠠᠯᠲᠠ ᠬᠢᠵᠦ᠂ ᠦᠷᠭᠦᠯᠵᠢᠯᠡᠨ ᠠᠮᠤᠷ ᠲᠦᠪᠰᠢᠨ ᠬᠡᠷᠡᠭᠯᠡᠬᠦ ᠨᠥᠬᠦᠴᠡᠯ ᠳᠤ ᠨᠡᠶᠢᠴᠡᠬᠦ ᠡᠰᠡᠬᠦ ᠶᠢ ᠰᠢᠯᠭᠠᠨ | ᠪᠠᠲᠤᠯᠠᠬᠤ ᠶᠢ ᠵᠢᠭᠠᠵᠤ ᠪᠠᠶᠢᠨ᠎ᠠ᠃ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠣᠯ ᠨᠢᠭᠡ ᠵᠦᠢᠯ ᠤᠨ ᠮᠡᠷᠭᠡᠵᠢᠯ ᠤᠨ ᠴᠢᠨᠠᠷᠲᠠᠢ | ᠬᠢᠨᠠᠯᠲᠠ ᠮᠥᠨ᠂ ᠨᠢᠭᠡ ᠵᠦᠢᠯ ᠤᠨ ᠬᠠᠤᠯᠢ ᠪᠠᠷ ᠲᠣᠭᠲᠠᠭᠠᠭᠰᠠᠨ ᠰᠢᠯᠭᠠᠨ ᠪᠠᠲᠤᠯᠠᠬᠤ ᠴᠢᠨᠠᠷᠲᠠᠢ ᠠᠵᠢᠯ ᠮᠥᠨ᠂ | ᠥᠪᠡᠰᠦᠪᠡᠨ ᠰᠢᠯᠭᠠᠨ ᠪᠠᠶᠢᠴᠠᠭᠠᠬᠤ ᠭᠡᠳᠡᠭ ᠨᠢ ᠬᠡᠷᠡᠭᠯᠡᠬᠦ ᠨᠢᠭᠡᠴᠢ ᠪᠤᠶᠤ ᠲᠡᠭᠦᠨ ᠤ ᠨᠠᠶᠢᠳᠠᠭᠰᠠᠨ ᠨᠢᠭᠡᠴᠢ ᠶᠢᠨ | ᠬᠢᠭᠰᠡᠨ ᠬᠤᠯᠪᠣᠭᠳᠠᠯ ᠪᠦᠬᠦᠢ ᠪᠠᠶᠢᠴᠠᠭᠠᠨ ᠬᠡᠮᠵᠢᠯᠲᠡ ᠪᠠ ᠪᠠᠶᠢᠴᠠᠭᠠᠯᠲᠠ ᠶᠢᠨ ᠦᠢᠯᠡᠴᠢᠯᠡᠭᠡ ᠮᠥᠨ ᠪᠥᠭᠡᠳ | ᠬᠡᠷᠡᠭᠯᠡᠬᠦ ᠨᠢᠭᠡᠴᠢ ᠳᠤ ᠬᠠᠷᠢᠭᠤᠴᠠᠬᠤ ᠪᠥᠭᠡᠳ ᠲᠡᠭᠦᠨ ᠤ ᠠᠵᠢᠯ ᠤᠨ ᠱᠠᠭᠠᠷᠳᠠᠯᠭ᠎ᠠ ᠨᠢ ᠠᠮᠤᠷ ᠲᠦᠪᠰᠢᠨ ᠤ | ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠡᠶᠢᠮᠦ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠨᠢ ᠥᠪᠡᠰᠦᠪᠡᠨ ᠰᠢᠯᠭᠠᠨ | ᠪᠠᠶᠢᠴᠠᠭᠠᠬᠤ ᠶᠢ ᠣᠷᠣᠯᠠᠵᠤ ᠪᠣᠯᠬᠤ ᠦᠭᠡᠢ᠃ | ᠡᠭᠦᠨ ᠠᠴᠠ ᠭᠠᠳᠠᠨ᠎ᠠ᠂ ︽ᠴᠠᠬᠢᠯᠭᠠᠨ ᠱᠠᠲᠤ ᠶᠢ ᠬᠢᠨᠠᠨ ᠰᠢᠯᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ | ᠰᠢᠯᠭᠠᠨ ᠪᠠᠶᠢᠴᠠᠭᠠᠬᠤ ᠲᠦᠷᠢᠮ︾ ᠪᠠ ︽ᠴᠠᠬᠢᠯᠭᠠᠨ ᠱᠠᠲᠤ ᠶᠢᠨ ᠥᠪᠡᠰᠦᠪᠡᠨ ᠪᠠᠶᠢᠴᠠᠭᠠᠨ ᠰᠢᠯᠭᠠᠬᠤ ᠲᠦᠷᠢᠮ︾ | ᠳᠤ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠠ ᠥᠪᠡᠰᠦᠪᠡᠨ ᠪᠠᠶᠢᠴᠠᠭᠠᠨ | ᠰᠢᠯᠭᠠᠬᠤ ᠦᠶᠡᠯᠡᠯ ᠤᠨ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ᠂ ᠬᠡᠷᠡᠭᠯᠡᠬᠦ ᠨᠢᠭᠡᠴᠢ ᠨᠢ ᠲᠦᠷᠢᠮ ᠤᠨ ᠱᠠᠭᠠᠷᠳᠠᠯᠭ᠎ᠠ | ᠶᠣᠰᠣᠭᠠᠷ ᠲᠣᠰ ᠲᠣᠰ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠤᠶᠤ ᠥᠪᠡᠰᠦᠪᠡᠨ ᠪᠠᠶᠢᠴᠠᠭᠠᠨ | ᠰᠢᠯᠭᠠᠬᠤ ᠬᠡᠷᠡᠭᠲᠡᠶ᠃ | ᠢᠳᠡᠭᠡᠨ ᠤ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠰᠡᠨ ᠤ ᠳᠠᠷᠠᠭ᠎ᠠ᠂ | ᠦᠷᠭᠦᠯᠵᠢᠯᠡᠨ ᠳᠡᠯᠭᠡᠭᠦᠷ ᠢᠶᠠᠨ ᠨᠡᠭᠡᠭᠡᠬᠦ ᠳᠤ ᠬᠦᠷᠪᠡᠯ᠂ ︽ᠦᠨᠡᠮᠯᠡᠯ ᠦᠭᠡᠢ ᠡᠵᠡᠩᠨᠡᠯᠲᠡ︾ ᠳᠤ ᠣᠷᠣᠨ᠎ᠠ ᠤᠤ︖ | | ᠬᠠᠷᠢᠭᠤᠯᠲᠠ᠄ ᠲᠡᠶᠢᠮᠦ᠂ ᠢᠳᠡᠭᠡᠨ ᠤᠮᠳᠠᠭᠠᠨ ᠤ ᠦᠢᠯᠡᠴᠢᠯᠡᠭᠡ ᠬᠢᠵᠦ ᠪᠠᠶᠢᠭ᠎ᠠ ᠢᠳᠡᠭᠡᠨ ᠤ ᠵᠦᠢᠯ ᠤᠨ | ᠡᠵᠡᠩᠨᠡᠭᠴᠢ ᠶᠢᠨ ᠢᠳᠡᠭᠡᠨ ᠤ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠡᠳ | ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠠᠶᠢᠪᠠᠯ᠂ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ | ᠵᠠᠭᠤ ᠬᠤᠷᠢᠨ ᠬᠤᠶᠠᠳᠤᠭᠠᠷ ᠵᠦᠢᠯ ᠳᠠᠬᠢ ︽ᠢᠳᠡᠭᠡᠨ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ | ᠣᠯᠤᠭᠠᠳᠤᠶ ᠪᠠᠷ ᠢᠳᠡᠭᠡᠨ ᠦᠢᠯᠡᠳᠪᠦᠷᠢᠯᠡᠵᠦ ᠡᠵᠡᠩᠨᠡᠬᠦ︾ ᠳᠤ ᠲᠣᠬᠢᠷᠠᠨ᠎ᠠ᠃ | ᠪᠢᠳᠡ ᠪᠣᠯ ᠨᠢᠭᠡ ᠢᠳᠡᠭᠡᠨ ᠤ ᠺᠣᠮᠫᠠᠨᠢ ᠮᠥᠨ᠂ ᠣᠶᠢᠷ᠎ᠠ ᠳᠤ ᠠᠵᠤ ᠠᠬᠤᠶᠢᠯᠠᠯ ᠤᠨ ᠨᠡᠷᠡᠶᠢᠳᠦᠯ ᠢᠶᠠᠨ | ᠰᠣᠯᠢᠭᠰᠠᠨ ᠪᠠᠶᠢᠨ᠎ᠠ᠂ ᠲᠡᠭᠡᠪᠡᠯ ᠰᠣᠯᠢᠬᠤ ᠠᠴᠠ ᠡᠮᠦᠨᠡᠬᠢ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠠᠭᠤᠴᠢᠨ | ᠪᠣᠭᠤᠳᠠᠯᠯᠠᠬᠤ ᠮᠠᠲ᠋ᠧᠷᠢᠶᠠᠯ ᠢᠶᠠᠨ ᠦᠷᠭᠦᠯᠵᠢᠯᠡᠨ ᠬᠡᠷᠡᠭᠯᠡᠵᠦ ᠪᠣᠯᠣᠨ᠎ᠠ ᠤᠤ︖ | ᠬᠠᠷᠢᠭᠤᠯᠲᠠ᠄ ᠡᠬᠢ ᠪᠠᠶᠠᠯᠢᠭ ᠢ ᠠᠷᠪᠢᠯᠠᠵᠤ᠂ ᠵᠦᠢ ᠵᠣᠬᠢᠰᠲᠠᠢ ᠬᠡᠷᠡᠭᠯᠡᠬᠦ ᠵᠠᠷᠴᠢᠮ ᠶᠣᠰᠣᠭᠠᠷ᠂ ᠠᠳᠠᠯᠢ ᠨᠢᠭᠡ | ᠵᠠᠬ᠎ᠠ ᠳᠡᠯᠭᠡᠭᠦᠷ ᠤᠨ ᠭᠤᠣᠯ ᠴᠣᠭᠴᠠ ᠨᠢ ᠠᠵᠤ ᠠᠬᠤᠶᠢᠯᠠᠯ ᠤᠨ ᠨᠡᠷᠡᠶᠢᠳᠦᠯ ᠢᠶᠠᠨ ᠬᠤᠪᠢᠷᠠᠭᠤᠯᠤᠭᠰᠠᠨ ᠤ ᠳᠠᠷᠠᠭ᠎ᠠ᠂ | ᠰᠢᠨ᠎ᠡ ᠬᠠᠭᠤᠴᠢᠨ ᠪᠣᠭᠤᠳᠠᠯ ᠪᠠᠭᠯᠠᠭ᠎ᠠ ᠶᠢ ᠬᠤᠯᠢᠯᠳᠤᠭᠤᠯᠤᠨ ᠬᠡᠷᠡᠭᠯᠡᠬᠦ ᠰᠢᠯᠵᠢᠯᠲᠡ ᠶᠢᠨ ᠬᠤᠭᠤᠴᠠᠭ᠎ᠠ ᠨᠢ 6 | ᠰᠠᠷ᠎ᠠ ᠪᠠᠶᠢᠵᠤ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠨᠡᠷᠡᠶᠢᠳᠦᠯ ᠢᠶᠠᠨ ᠬᠤᠪᠢᠷᠠᠭᠤᠯᠤᠭᠰᠠᠨ | ᠡᠳᠦᠷ ᠠᠴᠠ ᠡᠬᠢᠯᠡᠵᠦ ᠪᠣᠳᠣᠨ᠎ᠠ᠃ | ᠪᠢᠳᠡ ᠪᠣᠯ ᠨᠢᠭᠡᠨ ᠢᠳᠡᠭᠡᠨ ᠦᠢᠯᠡᠳᠪᠦᠷᠢᠯᠡᠬᠦ ᠦᠢᠯᠡᠳᠪᠦᠷᠢ ᠮᠥᠨ᠂ ᠬᠡᠷᠪᠡ ᠪᠢᠳᠡ ᠥᠪᠡᠰᠦᠪᠡᠨ ᠪᠠᠶᠢᠴᠠᠭᠠᠬᠤ | ᠲᠤᠷᠰᠢᠯᠲᠠ ᠶᠢᠨ ᠲᠠᠰᠤᠭ ᠪᠠᠶᠢᠭᠤᠯᠬᠤ ᠭᠡᠪᠡᠯ ᠶᠠᠮᠠᠷ ᠬᠢᠷᠢ ᠭᠡᠮ ᠣᠯᠬᠤ ᠴᠢᠬᠤᠯᠠ ᠲᠠᠢ ᠤᠤ︖ | ᠬᠠᠷᠢᠭᠤᠯᠲᠠ᠄ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠨᠢ ᠥᠪᠡᠰᠦᠪᠡᠨ ᠪᠠᠶᠢᠴᠠᠭᠠᠬᠤ ᠲᠤᠷᠰᠢᠯᠲᠠ ᠶᠢᠨ | ᠲᠠᠰᠤᠭ ᠪᠠᠶᠢᠭᠤᠯᠵᠤ᠂ ᠦᠢᠯᠡᠳᠪᠦᠷᠢᠯᠡᠭᠰᠡᠨ ᠢᠳᠡᠭᠡᠨ ᠢᠶᠠᠨ ᠥᠪᠡᠰᠦᠪᠡᠨ ᠦᠢᠯᠡᠳᠪᠦᠷᠢ ᠠᠴᠠ ᠭᠠᠷᠭᠠᠬᠤ ᠰᠢᠯᠭᠠᠨ | ᠪᠠᠶᠢᠴᠠᠭᠠᠯᠲᠠ ᠬᠢᠵᠦ ᠪᠣᠯᠣᠨ᠎ᠠ᠃ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠶᠢᠨ ᠲᠥᠬᠦᠭᠡᠷᠦᠮᠵᠢ | ᠪᠡᠯᠡᠳᠬᠡᠮᠵᠢ᠂ ᠠᠵᠢᠯᠲᠠᠨ ᠤ ᠬᠠᠮᠢᠶᠠᠷᠤᠯᠲᠠ᠂ ᠰᠢᠯᠭᠠᠨ ᠪᠠᠶᠢᠴᠠᠭᠠᠬᠤ ᠠᠵᠢᠯᠯᠠᠭ᠎ᠠ ᠨᠢ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠥᠪᠡᠷ ᠤᠨ ᠲᠡᠵᠢᠭᠡᠭᠰᠡᠨ ᠵᠥᠭᠡᠢ ᠶᠢᠨ ᠪᠠᠯ ᠨᠢ ᠲᠠᠷᠢᠶᠠᠯᠠᠩ ᠤᠨ ᠪᠦᠲᠦᠭᠡᠭᠳᠡᠬᠦᠨ ᠳᠤ ᠲᠣᠭᠠᠴᠠᠭᠳᠠᠨ᠎ᠠ ᠦᠦ︖ | ᠪᠣᠷᠣᠯᠠᠭᠤᠯᠬᠤ ᠳᠤ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠴᠢᠬᠤᠯᠠ ᠲᠠᠢ ᠤᠤ︖ | | ᠬᠠᠷᠢᠭᠤᠯᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠥᠬᠦᠶ ᠢᠳᠡᠭᠡᠨ ᠤ ᠲᠠᠷᠢᠶᠠᠯᠠᠩ ᠤᠨ | ᠪᠦᠲᠦᠭᠡᠭᠳᠡᠬᠦᠨ ᠤ ᠲᠣᠳᠣᠷᠬᠠᠶᠢᠯᠠᠯᠲᠠ ᠪᠠ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠲᠣᠭᠲᠠᠭᠠᠯ ᠢ | ᠦᠨᠳᠦᠰᠦᠯᠡᠪᠡᠯ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠪᠣᠯ ᠲᠠᠷᠢᠶᠠᠯᠠᠩ ᠠᠴᠠ ᠢᠷᠡᠯᠲᠡ ᠲᠠᠢ ᠠᠩᠬᠠᠨ ᠤ | ᠪᠦᠲᠦᠭᠡᠭᠳᠡᠬᠦᠨ ᠢ ᠵᠢᠭᠠᠵᠤ ᠪᠠᠶᠢᠨ᠎ᠠ᠂ ᠲᠤᠬᠠᠶᠢᠯᠠᠪᠠᠯ ᠲᠠᠷᠢᠶᠠᠯᠠᠩ ᠤᠨ ᠠᠵᠢᠯᠯᠠᠭᠠᠨ ᠤ ᠳᠤᠮᠳᠠ ᠣᠯᠤᠭᠰᠠᠨ | ᠤᠷᠭᠤᠮᠠᠯ᠂ ᠠᠮᠢᠲᠠᠨ᠂ ᠮᠢᠺᠷᠣᠪ ᠵᠢᠴᠢ ᠲᠡᠭᠦᠨ ᠤ ᠪᠦᠲᠦᠭᠡᠭᠳᠡᠬᠦᠨ ᠢ ᠵᠢᠭᠠᠵᠤ᠂ ᠥᠪᠡᠷ ᠤᠨ ᠭᠡᠷ ᠤᠨ ᠲᠡᠵᠢᠭᠡᠪᠦᠷᠢ | ᠵᠥᠭᠡᠢ ᠶᠢᠨ ᠪᠠᠯ ᠨᠢ ᠲᠠᠷᠢᠶᠠᠯᠠᠩ ᠤᠨ ᠪᠦᠲᠦᠭᠡᠭᠳᠡᠬᠦᠨ ᠳᠤ ᠬᠠᠷᠢᠶᠠᠯᠠᠭᠳᠠᠨ᠎ᠠ᠃ ᠢᠳᠡᠭᠡᠨ ᠤ ᠲᠠᠷᠢᠶᠠᠯᠠᠩ ᠤᠨ | ᠪᠦᠲᠦᠭᠡᠭᠳᠡᠬᠦᠨ ᠢ ᠪᠣᠷᠣᠯᠠᠭᠤᠯᠬᠤ ᠳᠤ ᠢᠳᠡᠭᠡᠨ ᠤ ᠵᠥᠪᠰᠢᠶᠡᠷᠡᠯ ᠠᠪᠬᠤ ᠴᠢᠬᠤᠯᠠ ᠦᠭᠡᠢ᠃ | | | ᠪᠡᠯᠡᠳᠭᠡᠭᠡᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠳᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ | |