| ᠠᠭᠠᠭᠢᠮ᠎ᠠ ᠬᠠᠯᠠᠭᠤᠨ ᠵᠤᠨ ᠤ ᠠᠮᠠᠷᠠᠯᠲᠠ ᠤᠳᠠᠯ ᠦᠭᠡᠢ ᠢᠷᠡᠬᠦ ᠭᠡᠵᠦ ᠪᠠᠶᠢᠨ᠎ᠠ᠂ ᠵᠤᠰᠠᠬᠤ ᠢᠳᠡᠭᠡᠨ ᠨᠢ | ᠬᠡᠷᠡᠭᠯᠡᠭᠴᠢᠳ ᠤᠨ ᠰᠣᠩᠭᠤᠨ ᠬᠤᠳᠠᠯᠳᠤᠨ ᠠᠪᠬᠤ ᠬᠠᠯᠠᠮᠰᠢᠯ ᠪᠣᠯᠪᠠ᠃ ᠬᠡᠷᠡᠭᠯᠡᠭᠴᠢᠳ ᠤᠨ ᠢᠳᠡᠭᠡᠨ ᠤᠮᠳᠠᠭᠠᠨ ᠤ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠠᠨ ᠳᠤ ᠰᠠᠨᠠᠭᠤᠯᠬᠤ ᠨᠢ᠄ | ᠡᠯ᠎ᠡ ᠵᠦᠢᠯ ᠤᠨ ᠵᠤᠰᠠᠬᠤ ᠢᠳᠡᠭᠡᠨ ᠨᠦᠭᠦᠳ ᠢ ᠣᠶᠢᠯᠠᠭᠠᠷᠠᠢ | ᠬᠦᠢᠲᠡᠨ ᠤᠮᠳᠠᠭᠠᠨ ᠵᠢᠱᠢᠶᠡᠯᠡᠪᠡᠯ ᠪᠢᠩᠵᠢᠯᠢᠨ᠂ ᠬᠥᠷᠥᠭᠡᠭᠰᠡᠨ ᠤᠮᠳᠠᠭᠠᠨ ᠵᠡᠷᠭᠡ ᠨᠢ ᠪᠡᠶ᠎ᠡ ᠶᠢᠨ ᠳᠤᠯᠠᠭᠠᠨ ᠤ | ᠬᠡᠮᠵᠢᠶ᠎ᠡ ᠶᠢ ᠲᠦᠷᠭᠡᠨ ᠪᠠᠭᠤᠷᠠᠭᠤᠯᠬᠤ ᠦᠢᠯᠡᠳᠦᠯ ᠲᠠᠢ ᠪᠠᠶᠢᠵᠤ᠂ ᠵᠤᠨ ᠤ ᠤᠯᠠᠷᠢᠯ ᠤᠨ ᠥᠨᠳᠥᠷ ᠳᠤᠯᠠᠭᠠᠨ ᠤ | ᠠᠪᠴᠢᠷᠠᠭᠰᠠᠨ ᠡᠪ ᠦᠭᠡᠢ ᠪᠠᠶᠢᠳᠠᠯ ᠢ ᠪᠦᠲᠦᠮᠵᠢᠲᠡᠢ ᠨᠠᠮᠳᠠᠭᠤᠯᠵᠤ ᠴᠢᠳᠠᠳᠠᠭ᠃ | ᠵᠢᠮᠢᠰ ᠤᠨ ᠲᠥᠷᠥᠯ ᠤᠨ ᠵᠤᠰᠠᠬᠤ ᠢᠳᠡᠭᠡᠨ ᠵᠢᠱᠢᠶᠡᠯᠡᠪᠡᠯ ᠲᠠᠷᠪᠤᠰ᠂ ᠬᠠᠮᠢ ᠭᠤᠸ᠎ᠠ ᠵᠡᠷᠭᠡ ᠳᠤ ᠤᠰᠤ ᠪᠠ | ᠡᠷᠦᠳᠡᠰᠦ ᠡᠯᠪᠡᠭ ᠠᠭᠤᠯᠤᠭᠳᠠᠵᠤ᠂ ᠵᠣᠨ ᠤ ᠡᠳᠦᠷ ᠲᠤ ᠬᠥᠮᠥᠨ ᠤ ᠪᠡᠶ᠎ᠡ ᠳᠤ ᠤᠰᠤ ᠨᠥᠬᠦᠪᠥᠷᠢᠯᠡᠬᠦ ᠶᠢᠨ ᠬᠠᠮᠲᠤ | ᠪᠠᠰᠠ ᠪᠡᠶ᠎ᠡ ᠮᠠᠬᠠᠪᠣᠳ ᠲᠤ ᠰᠢᠮ᠎ᠡ ᠲᠡᠵᠢᠭᠡᠯ ᠬᠠᠩᠭᠠᠵᠤ ᠴᠢᠳᠠᠨ᠎ᠠ᠃ | ᠬᠠᠯᠠᠭᠤᠨ ᠢ ᠠᠷᠢᠯᠭᠠᠵᠤ ᠬᠠᠯᠠᠭᠤᠨ ᠢ ᠲᠠᠶᠢᠯᠬᠤ ᠢᠳᠡᠭᠡᠨ ᠵᠢᠱᠢᠶᠡᠯᠡᠪᠡᠯ ᠨᠣᠭᠤᠭᠠᠨ ᠪᠤᠷᠴᠠᠭ ᠤᠨ ᠱᠥᠯᠥ᠂ | ᠮᠥᠰᠥᠨ ᠰᠢᠬᠢᠷᠲᠦ ᠯᠢᠩᠬᠸ᠎ᠠ ᠶᠢᠨ ᠦᠷ᠎ᠡ ᠵᠡᠷᠭᠡ ᠨᠢ ᠮᠠᠰᠢ ᠰᠠᠶᠢᠨ ᠬᠠᠯᠠᠭᠤᠨ ᠢ ᠪᠠᠭᠤᠷᠠᠭᠤᠯᠬᠤ ᠦᠢᠯᠡᠳᠦᠯ ᠲᠠᠢ | ᠪᠠᠶᠢᠳᠠᠭ᠃ | ᠵᠤᠰᠠᠬᠤ ᠢᠳᠡᠭᠡᠨ ᠢ ᠵᠣᠬᠢᠰᠲᠠᠢ ᠢᠳᠡᠭᠡᠷᠡᠢ ᠵᠤᠰᠠᠬᠤ ᠢᠳᠡᠭᠡᠨ ᠤ ᠰᠣᠩᠭᠤᠯᠲᠠ᠃ | ᠵᠤᠰᠠᠬᠤ ᠢᠳᠡᠭᠡᠨ ᠤ ᠵᠦᠢᠯ ᠢ ᠰᠣᠩᠭᠤᠬᠤ ᠳᠠᠭᠠᠨ᠂ ᠨᠦᠮᠵᠦᠭ ᠦᠭᠡᠢ ᠮᠥᠷᠲᠡᠭᠡᠨ ᠡᠯᠪᠡᠭ ᠤᠰᠤ ᠲᠠᠢ | ᠢᠳᠡᠭᠡᠨ ᠢᠶᠠᠷ ᠭᠤᠤᠯ ᠪᠣᠯᠭᠠᠨ᠂ ᠰᠢᠬᠢᠷ ᠶᠡᠬᠡᠲᠡᠶ᠂ ᠥᠭᠡᠬᠦ ᠶᠡᠬᠡᠲᠡᠶ ᠢᠳᠡᠭᠡᠨ ᠢ ᠬᠡᠲᠦᠷᠡᠲᠡᠯ᠎ᠡ ᠬᠡᠷᠡᠭᠯᠡᠬᠦ ᠠᠴᠠ | ᠪᠣᠯᠵᠤ᠂ ᠪᠡᠶ᠎ᠡ ᠶᠢᠨ ᠢᠯᠴᠢ ᠶᠢᠨ ᠬᠡᠮᠵᠢᠶ᠎ᠡ ᠶᠢ ᠨᠡᠮᠡᠭᠳᠡᠭᠦᠯᠵᠦ ᠪᠡᠶ᠎ᠡ ᠶᠢᠨ ᠳᠠᠷᠤᠭᠠᠰᠤ ᠶᠢ ᠬᠦᠨᠳᠦᠷᠡᠭᠦᠯᠬᠦ ᠠᠴᠠ | ᠵᠠᠶᠢᠯᠠᠰᠬᠢᠬᠦ ᠬᠡᠷᠡᠭᠲᠡᠶ᠃ | ᠵᠤᠰᠠᠬᠤ ᠢᠳᠡᠭᠡᠨ ᠨᠢ ᠬᠡᠳᠦ᠋ᠢᠪᠡᠷ ᠳᠤᠯᠠᠭᠠᠨ ᠢ ᠪᠠᠭᠤᠷᠠᠭᠤᠯᠬᠤ ᠦᠢᠯᠡᠳᠦᠯ ᠲᠠᠢ ᠪᠣᠯᠪᠠᠴᠤ ᠬᠡᠮᠵᠢᠶᠡᠨ ᠠᠴᠠ | ᠬᠡᠲᠦᠷᠡᠲᠡᠯ᠎ᠡ ᠢᠳᠡᠵᠦ ᠪᠣᠯᠬᠤ ᠦᠭᠡᠢ᠃ ᠬᠡᠲᠦᠷᠡᠲᠡᠯ᠎ᠡ ᠢᠳᠡᠪᠡᠯ ᠰᠢᠩᠭᠡᠭᠡᠯᠲᠡ ᠶᠢᠨ ᠰᠢᠰᠲ᠋ᠧᠮ ᠤᠨ ᠬᠡᠪ ᠤᠨ | ᠠᠵᠢᠯᠯᠠᠭ᠎ᠠ ᠶᠢ ᠨᠥᠯᠦᠭᠡᠯᠡᠵᠦ ᠮᠡᠳᠡᠨ᠎ᠡ᠃ ᠲᠡᠷᠡᠴᠢᠯᠡᠨ ᠰᠠᠭᠤᠯᠭᠠᠬᠤ ᠵᠡᠷᠭᠡ ᠦᠯᠦ ᠵᠣᠬᠢᠯᠳᠤᠬᠤ ᠢᠯᠡᠷᠡᠯ ᠭᠠᠷᠴᠤ | ᠮᠡᠳᠡᠨ᠎ᠡ᠃ ᠡᠳᠦᠷ ᠪᠦᠷᠢ ᠶᠢᠨ ᠬᠦᠢᠲᠡᠨ ᠤᠮᠳᠠᠭᠠᠨ ᠤᠤᠭᠤᠬᠤ ᠬᠡᠮᠵᠢᠶ᠎ᠡ ᠶᠢ 500mL ᠠᠴᠠ ᠳᠠᠪᠠᠭᠤᠯᠬᠤ | ᠦᠭᠡᠢ ᠮᠥᠷᠲᠡᠭᠡᠨ ᠥᠯᠦᠨ ᠢᠶᠠᠷ ᠪᠤᠶᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠲᠡᠷᠡ ᠳᠠᠷᠤᠢ ᠢᠳᠡᠵᠦ ᠪᠣᠯᠬᠤ | ᠦᠭᠡᠢ᠃ ᠵᠤᠰᠠᠬᠤ ᠢᠳᠡᠭᠡᠨ ᠤ ᠵᠣᠬᠢᠴᠠᠭᠤᠯᠤᠯᠲᠠ᠃ | ᠵᠤᠰᠠᠬᠤ ᠢᠳᠡᠭᠡᠨ ᠢᠳᠡᠬᠦ ᠳᠤ᠂ ᠵᠣᠬᠢᠴᠠᠭᠤᠯᠬᠤ ᠶᠢ ᠠᠩᠬᠠᠷᠴᠤ᠂ ᠠᠯᠢ ᠪᠣᠯᠬᠤᠶᠢᠴᠠ ᠸᠢᠲ᠋ᠠᠮᠢᠨ ᠪᠠ ᠡᠷᠦᠳᠡᠰᠦ | ᠡᠯᠪᠡᠭ ᠠᠭᠤᠯᠤᠭᠰᠠᠨ ᠢᠳᠡᠭᠡᠨ ᠢ ᠰᠣᠩᠭᠤᠵᠤ᠂ ᠡᠳᠡᠭᠡᠷ ᠰᠢᠮ᠎ᠡ ᠲᠡᠵᠢᠭᠡᠯ ᠤᠨ ᠡᠳ᠋ ᠢ ᠵᠣᠬᠢᠰᠲᠠᠶ ᠨᠥᠬᠦᠪᠥᠷᠢᠯᠡᠵᠦ᠂ | ᠡᠨᠡ ᠨᠢ ᠡᠭᠡᠯᠢᠯᠡᠬᠦ ᠴᠢᠳᠠᠪᠤᠷᠢ ᠶᠢ ᠨᠡᠮᠡᠭᠳᠡᠭᠦᠯᠬᠦ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠳᠤ | ᠠᠰᠢᠭᠲᠠᠶ ᠪᠠᠶᠢᠳᠠᠭ᠃ ᠵᠤᠨ ᠤ ᠤᠯᠠᠷᠢᠯ ᠤᠨ ᠢᠳᠡᠭᠡᠨ ᠤᠮᠳᠠᠭᠠᠨ ᠤ ᠶᠡᠷᠦᠩᠬᠡᠢ ᠬᠠᠮᠢᠶᠠᠷᠤᠯᠲᠠ | 1. ᠵᠤᠨ ᠤ ᠤᠯᠠᠷᠢᠯ ᠤᠨ ᠢᠳᠡᠭᠡᠨ ᠤᠮᠳᠠᠭᠠᠨ ᠤ ᠲᠣᠬᠢᠷᠠᠭᠤᠯᠤᠯᠲᠠ᠃ ᠵᠤᠨ ᠤ ᠤᠯᠠᠷᠢᠯ ᠳᠤ ᠬᠤᠭᠤᠯᠠ | ᠢᠳᠡᠬᠦ ᠳᠡᠭᠡᠨ ᠨᠦᠮᠵᠦᠭ ᠦᠭᠡᠢ᠂ ᠰᠢᠮ᠎ᠡ ᠲᠡᠵᠢᠭᠡᠯ ᠲᠡᠩᠴᠡᠬᠦᠷᠢᠲᠠᠢ᠂ ᠨᠤᠭᠤᠭ᠎ᠠ ᠵᠢᠮᠢᠰ ᠢᠯᠡᠭᠦᠦ ᠢᠳᠡᠵᠤ᠂ | ᠲᠣᠰᠣᠯᠢᠭ ᠪᠠ ᠭᠠᠰᠢᠭᠤᠨ ᠭᠤᠱᠤᠭᠤᠨ ᠢᠳᠡᠭᠡᠨ ᠳᠤᠲᠠᠭᠤ ᠢᠳᠡᠵᠤ᠂ ᠪᠡᠶ᠎ᠡ ᠲᠤᠳᠣᠷᠠᠬᠢ ᠣᠰᠣᠨ ᠤ | ᠲᠡᠩᠴᠡᠭᠦᠷᠢ ᠶᠢ ᠪᠠᠲᠤᠯᠠᠬᠤ ᠬᠡᠷᠡᠭᠲᠠᠢ᠃ | 2. ᠢᠳᠡᠭᠡᠨ ᠤᠮᠳᠠᠭᠠᠨ ᠬᠢᠭᠡᠳ ᠬᠥᠳᠡᠯᠭᠡᠭᠡᠨ ᠢ ᠤᠶᠠᠯᠳᠤᠭᠤᠯᠬᠤ᠃ ᠵᠣᠬᠢᠰᠲᠠᠶ ᠬᠥᠳᠡᠯᠭᠡᠭᠡᠨ ᠨᠢ | ᠬᠤᠭᠤᠯᠠᠨ ᠤ ᠳᠤᠷᠠᠰᠢᠯ ᠢ ᠠᠬᠢᠭᠤᠯᠵᠤ᠂ ᠰᠢᠩᠭᠡᠭᠡᠯᠲᠡ ᠶᠢ ᠠᠬᠢᠭᠤᠯᠳᠠᠭ᠂ ᠭᠡᠪᠡᠴᠦ ᠬᠥᠳᠡᠯᠭᠡᠭᠡᠨ ᠬᠢᠭᠰᠡᠨ ᠤ | ᠳᠠᠷᠠᠭ᠎ᠠ ᠤᠰᠤ ᠪᠣᠯᠤᠨ ᠰᠢᠮ᠎ᠡ ᠲᠡᠵᠢᠭᠡᠯ ᠢ ᠴᠠᠭ ᠲᠤᠬᠠᠶ ᠳᠤᠨᠢ ᠨᠥᠬᠦᠪᠥᠷᠢᠯᠡᠵᠦ᠂ ᠪᠡᠶ᠎ᠡ ᠮᠠᠬᠠᠪᠣᠳ ᠤᠨ ᠤᠰᠤ | ᠳᠤᠲᠠᠬᠤ ᠪᠠ ᠡᠨᠧᠷᠭᠢ ᠬᠤᠷᠣᠭᠳᠠᠭᠤᠯᠬᠤ ᠠᠴᠠ ᠵᠠᠶᠢᠯᠠᠰᠬᠢᠬᠦ ᠬᠡᠷᠡᠭᠲᠡᠶ᠃ | 3. ᠵᠤᠨ ᠤ ᠤᠯᠠᠷᠢᠯ ᠤᠨ ᠤᠤᠭᠤᠬᠤ ᠤᠰᠤᠨ ᠤ ᠨᠡᠮᠡᠭᠳᠡᠯ᠃ ᠵᠤᠨ ᠤ ᠤᠯᠠᠷᠢᠯ ᠳᠤ ᠪᠡᠶ᠎ᠡ ᠶᠢᠨ ᠳᠤᠯᠠᠭᠠᠨ ᠤ | ᠲᠣᠬᠢᠷᠠᠭᠤᠯᠤᠯᠲᠠ ᠬᠢᠬᠦ ᠬᠡᠷᠡᠭᠴᠡᠭᠡ ᠠᠴᠠ ᠪᠣᠯᠵᠤ᠂ ᠤᠤᠭᠤᠬᠤ ᠤᠰᠤᠨ ᠤ ᠬᠡᠮᠵᠢᠶ᠎ᠡ ᠪᠠᠨ ᠵᠣᠬᠢᠰᠲᠠᠶ ᠨᠡᠮᠡᠭᠳᠡᠭᠦᠯᠬᠦ | ᠬᠡᠷᠡᠭᠲᠡᠶ᠃ ᠪᠤᠴᠠᠯᠤᠭᠰᠠᠨ ᠤᠰᠤ᠂ ᠴᠡᠩᠬᠡᠭ ᠳᠠᠪᠤᠰᠤ ᠲᠠᠢ ᠤᠰᠤ ᠵᠡᠷᠭᠡ ᠪᠠᠷ ᠬᠥᠯᠥᠰᠦ ᠭᠠᠷᠤᠭᠰᠠᠨ ᠠᠴᠠ | ᠪᠣᠯᠣᠭᠰᠠᠨ ᠤᠰᠤᠨ ᠤ ᠠᠯᠳᠠᠭᠳᠠᠯ ᠢ ᠨᠥᠬᠦᠪᠦᠷᠢᠯᠡᠵᠦ ᠪᠣᠯᠤᠨ᠎ᠠ᠃ | | | ᠪᠡᠯᠡᠳᠭᠡᠭᠡᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠳᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ | |