| ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠡᠯ᠎ᠡ | ᠡᠲᠡᠭᠡᠳ ᠤᠨ ᠬᠠᠯᠠᠭᠤᠨ ᠰᠡᠳᠬᠢᠯᠲᠦ ᠬᠥᠮᠥᠰ ᠲᠤ᠄ | ᠠᠭᠠᠭᠢᠮ᠎ᠠ ᠵᠤᠨ ᠤ ᠴᠠᠭ ᠪᠣᠯᠵᠤ᠂ ᠬᠠᠯᠠᠭᠤᠨ ᠨᠠᠷᠠ ᠭᠠᠯ ᠮᠡᠲᠦ ᠪᠠᠶᠢᠵᠤ᠂ ᠪᠠᠰᠠ ᠡᠮᠴᠢᠯᠡᠭᠡᠨ ᠤ ᠴᠢᠰᠤᠨ ᠤ | ᠬᠡᠷᠡᠭᠴᠡᠭᠡ ᠨᠡᠮᠡᠭᠳᠡᠬᠦ ᠤᠯᠠᠷᠢᠯ ᠪᠤᠯᠤᠯ᠎ᠠ᠃ ᠡᠮ ᠡᠮᠨᠡᠯᠭᠡ ᠶᠢᠨ ᠴᠢᠰᠤ ᠬᠡᠷᠡᠭᠯᠡᠬᠦ ᠬᠡᠷᠡᠭᠴᠡᠭᠡ ᠪᠣᠯᠣᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠪᠢᠳᠡ ᠪᠦᠬᠦ ᠬᠤᠲᠠ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠡᠯ᠎ᠡ ᠡᠲᠡᠭᠡᠳ ᠤᠨ ᠬᠠᠶᠢᠷ᠎ᠠ ᠬᠠᠯᠠᠮᠵᠢᠲᠤ ᠬᠥᠮᠥᠰ ᠲᠤ ︽ᠵᠣᠨ ᠤ | ᠤᠯᠠᠷᠢᠯ ᠳᠤ ᠴᠢᠰᠤ ᠬᠠᠨᠳᠢᠪᠯᠡᠬᠤ ᠰᠠᠨᠠᠭᠠᠴᠢᠯᠠᠭ᠎ᠠ ᠭᠠᠷᠭᠠᠵᠤ᠂ ᠥᠷᠭᠡᠨ ᠣᠯᠠᠨ ᠬᠠᠶᠢᠷ᠎ᠠ ᠬᠠᠯᠠᠮᠵᠢ ᠲᠠᠢ ᠬᠥᠮᠥᠰ ᠤᠨ | ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠵᠤ᠂ | ᠲᠠᠨ ᠤ ᠬᠠᠯᠠᠭᠤᠨ ᠴᠢᠰᠤ ᠪᠠᠷ ᠢᠶᠠᠨ ᠪᠠᠴᠢᠮ ᠬᠠᠪᠰᠤᠷᠤᠯᠭ᠎ᠠ ᠬᠡᠷᠡᠭᠰᠡᠬᠦ ᠠᠮᠢ ᠨᠠᠰᠤᠨ ᠳᠤ ᠵᠣᠨ ᠤ ᠡᠳᠦᠷ ᠤᠨ | ᠬᠦᠰᠡᠯ ᠡᠷᠡᠮᠡᠯᠵᠡᠯ ᠢ ᠬᠦᠷᠭᠡᠬᠦ ᠶᠢ ᠤᠷᠢᠶᠠᠯᠠᠵᠤ ᠪᠤᠢ᠃ | ᠨᠢᠭᠡ᠂ ᠴᠢᠰᠤ ᠬᠠᠨᠳᠢᠪᠯᠠᠬᠤ ᠠᠴᠢ ᠬᠤᠯᠪᠣᠭᠳᠠᠯ | 1. ᠠᠮᠢ ᠨᠠᠰᠤ ᠶᠢ ᠠᠪᠤᠷᠠᠬᠤ᠄ ᠳᠤᠰᠤᠯ ᠴᠢᠰᠤ ᠪᠦᠬᠦᠨ ᠤ ᠬᠠᠨᠳᠢᠪ ᠨᠢ ᠪᠦᠷ ᠶᠠᠮᠠᠷ ᠨᠢᠭᠡᠨ ᠡᠪᠡᠳᠴᠢᠲᠡᠨ ᠤ | ᠳᠠᠬᠢᠨ ᠠᠮᠢᠯᠠᠭᠰᠠᠨ ᠬᠦᠰᠡᠯ ᠡᠷᠡᠮᠡᠯᠵᠡᠯ ᠪᠠᠶᠢᠵᠤ ᠮᠡᠳᠡᠨ᠎ᠡ᠃ ᠪᠠᠴᠢᠮ ᠮᠡᠰᠡ ᠵᠠᠰᠠᠯ᠂ ᠬᠦᠨᠳᠦ ᠶᠡᠭᠡ ᠰᠢᠷᠬ᠎ᠠ᠂ | ᠴᠢᠰᠤᠨ ᠤ ᠡᠪᠡᠳᠴᠢᠨ ᠡᠮᠬᠡᠭ ᠵᠡᠷᠭᠡ ᠶᠢ ᠵᠠᠰᠠᠬᠤ ᠵᠠᠩᠭᠢᠯᠠᠭ᠎ᠠ ᠶᠢᠨ ᠦᠶ᠎ᠡ ᠳᠤ ᠴᠢᠰᠤ ᠪᠣᠯ ᠳᠤᠲᠠᠭᠳᠠᠵᠤ ᠪᠣᠯᠣᠰᠢ | ᠦᠭᠡᠢ ᠠᠮᠢ ᠠᠪᠤᠷᠠᠬᠤ ᠰᠠᠶᠢᠨ ᠡᠮ ᠮᠥᠨ᠃ | 2. ᠬᠠᠶᠢᠷ᠎ᠠ ᠬᠠᠯᠠᠮᠵᠢ ᠶᠢ ᠳᠠᠮᠵᠢᠭᠤᠯᠬᠤ᠄ ᠴᠢᠰᠤ ᠬᠠᠨᠳᠢᠪᠯᠡᠬᠤ ᠨᠢ ᠪᠤᠰᠤᠳ ᠤᠨ ᠠᠮᠢ ᠨᠠᠰᠤ ᠶᠢ ᠠᠪᠤᠷᠠᠬᠤ | ᠪᠡᠯᠡᠭ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠬᠠᠷᠠᠮ ᠦᠭᠡᠢ ᠵᠣᠷᠢᠭᠤᠯᠬᠤ᠂ ᠢᠳᠡᠪᠬᠢ | ᠬᠦᠴᠦᠨ ᠢ ᠳᠠᠮᠵᠢᠭᠤᠯᠬᠤ ᠰᠠᠶᠢᠨ ᠠᠵᠢᠯᠯᠠᠭ᠎ᠠ ᠪᠣᠯᠣᠨ᠎ᠠ᠃ ᠲᠡᠷᠡ ᠨᠢ ᠪᠢᠳᠡᠨ ᠢ ᠪᠤᠰᠤᠳ ᠢ ᠬᠠᠪᠰᠤᠷᠬᠤ ᠶᠢᠨ | ᠬᠠᠮᠲᠤ᠂ ᠪᠠᠰᠠ ᠨᠡᠶᠢᠭᠡᠮ ᠤᠨ ᠬᠠᠶᠢᠷ᠎ᠠ ᠬᠠᠯᠠᠮᠵᠢ ᠪᠠ ᠬᠥᠮᠥᠨ ᠪᠠ ᠬᠥᠮᠥᠨ ᠤ ᠬᠤᠭᠤᠷᠣᠨᠳᠣᠬᠢ ᠨᠢᠭᠲᠠ | ᠵᠠᠯᠭᠠᠯᠲᠠ ᠶᠢ ᠮᠡᠳᠡᠷᠡᠭᠦᠯᠦᠨ᠎ᠡ᠃ | 3. ᠡᠷᠡᠭᠦᠯ ᠮᠡᠨᠳᠦ ᠶᠢ ᠠᠬᠢᠭᠤᠯᠬᠤ᠄ ᠰᠢᠨᠵᠢᠯᠡᠬᠦ ᠤᠬᠠᠭᠠᠨ ᠤ ᠰᠤᠳᠤᠯᠭᠠᠨ ᠠᠴᠠ ᠦᠵᠡᠬᠦ ᠳᠤ᠂ ᠵᠣᠬᠢᠬᠤ | ᠬᠡᠮᠵᠢᠶ᠎ᠡ ᠪᠠᠷ ᠴᠢᠰᠤ ᠬᠠᠨᠳᠢᠪᠯᠠᠬᠤ ᠨᠢ ᠴᠢᠰᠤᠨ ᠤ ᠡᠷᠭᠢᠯᠲᠡ ᠶᠢ ᠠᠬᠢᠭᠤᠯᠬᠤ᠂ ᠴᠢᠰᠤᠨ ᠤ ᠠᠭᠰᠢᠷᠠᠯ ᠤᠨ | ᠬᠡᠮᠵᠢᠶ᠎ᠡ ᠶᠢ ᠪᠠᠭᠠᠰᠬᠠᠬᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢ | ᠪᠠᠭᠤᠷᠠᠭᠤᠯᠬᠤ᠂ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠢᠳᠡᠪᠬᠢᠲᠡᠢ ᠨᠥᠯᠥᠭᠡ ᠦᠵᠡᠭᠦᠯᠬᠦ ᠪᠣᠯᠣᠨ᠎ᠠ᠃ | ᠬᠤᠶᠠᠷ᠂ ᠬᠡᠷᠬᠢᠨ ᠣᠷᠣᠯᠴᠠᠬᠤ | 1. ᠴᠢᠰᠤ ᠬᠠᠨᠳᠢᠪᠯᠡᠬᠤ ᠴᠠᠭ᠄ 2024 ᠣᠨ ᠤ 8 ᠰᠠᠷ᠎ᠠ ᠶᠢᠨ 5 ᠤ ᠡᠳᠦᠷ᠂ 6 ᠤ ᠡᠳᠦᠷ ᠤᠨ | ᠦᠳᠡ ᠶᠢᠨ ᠡᠮᠦᠨᠡᠬᠢ 8᠄ 00 - 12᠄ 00 ᠴᠠᠭ᠃ | 2. ᠴᠢᠰᠤ ᠬᠠᠨᠳᠢᠪᠯᠡᠬᠤ ᠭᠠᠵᠠᠷ᠄ ᠹᠧᠩᠵᠧᠨ ᠬᠤᠲᠠ ᠶᠢᠨ ᠰᠢᠨ᠎ᠡ ᠬᠤᠲᠠ ᠲᠣᠭᠤᠷᠢᠭ ᠤᠨ ᠪᠡᠶ᠎ᠡ ᠶᠢᠨ | ᠲᠠᠮᠢᠷ ᠤᠨ ᠣᠷᠳᠣᠨ ︵ᠦᠵᠡᠰᠬᠦᠯᠡᠩ ᠤᠨ ᠣᠷᠳᠣᠨ︶᠃ | 3. ᠲᠤᠬᠠᠢ ᠶᠢᠨ ᠲᠠᠯᠠᠪᠤᠷ ᠲᠤ ᠴᠢᠰᠤ ᠬᠠᠨᠳᠢᠪᠯᠡᠬᠤ᠄ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ᠂ | ᠠᠵᠢᠯᠲᠠᠨ ᠤ ᠵᠢᠯᠣᠭᠤᠳᠤᠯᠭ᠎ᠠ ᠶᠣᠰᠣᠭᠠᠷ ᠬᠦᠰᠦᠨᠦᠭ ᠲᠠᠭᠯᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠴᠢᠰᠤ | ᠬᠠᠨᠳᠢᠪᠯᠠᠬᠤ ᠵᠡᠷᠭᠡ ᠶᠠᠪᠤᠴᠠ ᠶᠢ ᠪᠡᠶᠡᠯᠡᠭᠦᠯᠦᠨ᠎ᠡ᠃ | 4. ᠳᠤᠷᠠᠰᠬᠠᠯ ᠤᠨ ᠡᠳ᠋ ᠠᠪᠬᠤ᠄ ᠴᠢᠰᠤ ᠬᠠᠨᠳᠢᠪᠯᠠᠵᠤ ᠳᠠᠭᠤᠰᠤᠭᠰᠠᠨ ᠤ ᠳᠠᠷᠠᠭ᠎ᠠ ᠲᠠᠨ ᠳᠤ ᠴᠢᠰᠤ | ᠬᠠᠨᠳᠢᠪᠯᠠᠭᠰᠠᠨ ᠦᠨᠡᠮᠯᠡᠯ ᠪᠠ ᠵᠢᠵᠢᠭ ᠪᠡᠯᠡᠭ ᠦᠭᠴᠦ ᠲᠠᠨ ᠤ ᠬᠠᠶᠢᠷ᠎ᠠ ᠬᠠᠯᠠᠮᠵᠢ ᠬᠦᠷᠭᠡᠬᠦ ᠶᠢᠨ ᠭᠡᠷᠡᠴᠢ ᠪᠣᠯᠭᠠᠨ᠎ᠠ᠃ | | ᠭᠤᠷᠪᠠ᠂ ᠴᠢᠰᠤ ᠬᠠᠨᠳᠢᠪᠯᠡᠬᠤ ᠠᠴᠠ ᠡᠮᠦᠨᠡᠬᠢ ᠠᠩᠬᠠᠷᠬᠤ ᠵᠦᠢᠯ | 1. ᠴᠢᠰᠤ ᠬᠠᠨᠳᠢᠪᠯᠠᠬᠤ ᠠᠴᠠ ᠡᠮᠦᠨ᠎ᠡ ᠤᠷᠮ᠎ᠠ ᠰᠡᠳᠬᠢᠯᠭᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠳᠤᠯᠠᠬᠤ | ᠬᠡᠷᠡᠭᠳᠡᠢ᠃ | 2. ᠴᠢᠰᠤ ᠬᠠᠨᠳᠢᠪᠯᠠᠭᠴᠢ ᠡᠷᠬᠡᠪᠰᠢ ᠪᠡᠶ᠎ᠡ ᠶᠢᠨ ᠦᠨᠡᠮᠯᠡᠯ ᠵᠡᠷᠭᠡ ᠬᠦᠴᠦᠨ ᠪᠦᠬᠦᠢ ᠪᠡᠶ᠎ᠡ ᠶᠢᠨ ᠭᠡᠷᠡᠴᠢ ᠪᠠᠨ | ᠠᠪᠴᠤ ᠶᠠᠪᠤᠬᠤ ᠬᠡᠷᠡᠭᠲᠡᠢ᠃ | 3. ᠴᠢᠰᠤ ᠡᠷᠭᠦᠬᠦ ᠨᠠᠰᠤᠨ ᠤ ᠱᠠᠭᠠᠷᠳᠠᠯᠭ᠎ᠠ᠄ 18-55 ᠪᠦᠬᠦᠯᠢ ᠨᠠᠰᠤ ᠬᠦᠷᠦᠭᠰᠡᠳ᠃ ᠥᠩᠭᠡᠷᠡᠭᠰᠡᠨ ᠳᠤ | ᠴᠢᠰᠤ ᠬᠠᠨᠳᠢᠪᠯᠡᠬᠤ ᠲᠤᠰᠬᠠᠯ ᠦᠭᠡᠢ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠣᠯᠠᠨ ᠤᠳᠠᠭ᠎ᠠ ᠴᠢᠰᠤ ᠬᠠᠨᠳᠢᠪᠯᠡᠭ᠌ᠰᠠᠨ ᠬᠥᠮᠥᠰ ᠰᠠᠨᠠᠭᠠᠴᠢᠯᠠᠭ᠎ᠠ ᠠᠴᠠ ᠪᠠᠨ ᠳᠠᠬᠢᠨᠲᠠ ᠴᠢᠰᠤ ᠬᠠᠨᠳᠢᠪᠯᠡᠬᠤ ᠳᠤ | ᠬᠦᠷᠪᠡᠯ᠂ ᠨᠠᠰᠤ ᠶᠢ ᠪᠦᠬᠦᠯᠢ 60 ᠨᠠᠰᠤ ᠪᠣᠯᠲᠠᠯ᠎ᠠ ᠤᠷᠲᠤᠳᠬᠠᠵᠤ ᠪᠣᠯᠣᠨ᠎ᠠ᠃ | 4. ᠴᠢᠰᠤ ᠬᠠᠨᠳᠢᠪᠯᠠᠬᠤ ᠪᠡᠶ᠎ᠡ ᠶᠢᠨ ᠬᠦᠨᠳᠦ ᠶᠢᠨ ᠱᠠᠭᠠᠷᠳᠠᠯᠭ᠎ᠠ᠄ ᠡᠮᠡᠭᠳᠡᠢ 45 kg᠂ ᠡᠷᠡᠭᠲᠡᠢ 50 kg᠃ | 5. ᠴᠢᠰᠤ ᠬᠠᠨᠳᠢᠪᠯᠠᠬᠤ ᠠᠴᠠ ᠡᠮᠦᠨ᠎ᠡ ᠨᠢᠭᠡ ᠰᠥᠨᠢ ᠭᠦᠢᠴᠡᠳ ᠠᠮᠠᠷᠠᠬᠤ ᠶᠢ ᠪᠠᠲᠤᠯᠠᠬᠤ ᠬᠡᠷᠡᠭᠲᠡᠢ᠃ | ᠪᠢᠲᠡᠭᠡᠢ ᠠᠷᠢᠬᠢ᠂ ᠡᠮ ᠤᠤᠭᠤ᠃ | 6. ᠴᠢᠰᠤ ᠬᠠᠨᠳᠢᠪᠯᠡᠬᠤ ᠠᠴᠠ ᠡᠮᠦᠨ᠎ᠡ ᠬᠤᠶᠠᠷ ᠴᠠᠭ ᠤᠨ ᠳᠤᠲᠤᠷᠠᠬᠢ ᠬᠤᠭᠤᠯᠠᠨ ᠳᠤ ᠲᠣᠰᠣᠯᠢᠭ ᠢᠳᠡᠭᠡᠨ | ᠢᠳᠡᠬᠦ ᠦᠭᠡᠢ᠂ ᠮᠠᠨᠲᠠᠤ᠂ ᠮᠢᠨᠲᠤᠤᠷ᠂ ᠢᠳᠡᠰᠢᠨ ᠨᠣᠭᠤᠭ᠎ᠠ ᠵᠡᠷᠭᠡ ᠰᠤᠯᠠ ᠢᠳᠡᠭᠡᠨ ᠢᠳᠡᠭᠡᠷᠡᠢ᠃ | 7. ᠡᠮᠡᠭᠲᠡᠢ ᠶᠢᠨ ᠰᠠᠷ᠎ᠠ ᠶᠢᠨ ᠭᠬᠢᠷ ᠤᠨ ᠬᠤᠭᠤᠴᠠᠭᠠᠨ ᠤ ᠡᠮᠦᠨ᠎ᠡ ᠬᠤᠶᠢᠨ᠎ᠠ 3 ᠡᠳᠦᠷ ᠴᠢᠰᠤ ᠬᠠᠨᠳᠢᠪᠯᠠᠬᠤ | ᠦᠭᠡᠢ᠂ ᠵᠢᠷᠮᠦᠰᠦᠨ ᠤ ᠬᠤᠭᠤᠴᠠᠭ᠎ᠠ ᠪᠠ ᠤᠷᠤᠭ ᠤᠨᠠᠭᠠᠯᠭᠠᠭᠰᠠᠨ ᠤ ᠳᠠᠷᠠᠭ᠎ᠠ 6 ᠰᠠᠷ᠎ᠠ ᠪᠣᠯᠤᠭ᠎ᠠ ᠦᠭᠡᠢ᠂ | ᠨᠢᠷᠠᠶᠢᠯᠠᠬᠤ ᠪᠠ ᠬᠥᠬᠦᠭᠦᠯᠬᠦ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠤᠭ᠎ᠠ ᠦᠭᠡᠢ ᠪᠣᠯ ᠴᠢᠰᠤ ᠬᠠᠨᠳᠢᠪᠯᠡᠵᠤ | ᠪᠣᠯᠬᠤ ᠦᠭᠡᠢ᠃ | ᠳᠥᠷᠪᠡ᠂ ᠴᠢᠰᠤ ᠬᠠᠨᠳᠢᠪᠯᠡᠭ᠌ᠰᠠᠨ ᠤ ᠳᠠᠷᠠᠭᠠᠬᠢ ᠠᠩᠬᠠᠷᠬᠤ ᠵᠦᠢᠯ | 1. ᠴᠢᠰᠤ ᠬᠠᠨᠳᠢᠪᠯᠠᠵᠤ ᠳᠠᠭᠤᠰᠤᠭᠰᠠᠨ ᠤ ᠳᠠᠷᠠᠭ᠎ᠠ ᠳᠠᠷᠤᠭᠰᠠᠨ ᠵᠡᠭᠦᠦ ᠶᠢᠨ ᠰᠦᠪᠡ ᠪᠠᠷ 5-10 ᠮᠢᠨᠦ᠋ᠲ | ᠬᠢᠵᠦ᠂ ᠴᠢᠰᠤ ᠭᠤᠭᠤᠵᠢᠬᠤ ᠠᠴᠠ ᠵᠠᠶᠢᠯᠠᠰᠬᠢᠨ᠎ᠡ᠃ | 2᠂ ᠨᠠᠮᠵᠢᠭᠤᠨ ᠰᠤᠳᠠᠰᠤᠨ ᠤ ᠥᠷᠭᠡᠰᠦ ᠨᠡᠪᠲᠡᠯᠬᠦ ᠬᠡᠰᠡᠭ ᠢ ᠰᠠᠶᠢᠲᠤᠷ ᠬᠠᠮᠠᠭᠠᠯᠠᠬᠤ ᠬᠡᠷᠡᠭᠲᠡᠢ᠂ ᠨᠡᠪᠲᠡᠯᠬᠦ | ᠬᠡᠰᠡᠭ ᠤᠨ ᠴᠢᠰᠤ ᠵᠣᠭᠰᠣᠭᠰᠠᠨ ᠤ ᠳᠠᠷᠠᠭ᠎ᠠ ᠪᠦᠷᠢᠮᠰᠦᠨ ᠡᠳᠡᠭᠡᠷᠡᠭᠰᠡᠨ ᠢᠶᠠᠷ ᠦᠵᠡᠵᠦ ᠪᠤᠯᠬᠤ ᠦᠭᠡᠢ᠂ ᠠᠳᠠᠭ | ᠪᠠᠭ᠎ᠠ ᠳᠠᠭᠠᠨ 24 ᠴᠠᠭ ᠤᠨ ᠳᠣᠲᠣᠷ᠎ᠠ ᠤᠰᠤᠨ ᠳᠤ ᠨᠡᠪᠲᠡ ᠨᠤᠷᠭᠤᠭᠠᠬᠤ ᠦᠭᠡᠢ ᠪᠠᠶᠢᠵᠤ᠂ ᠪᠠᠰᠠ ᠴᠡᠪᠡᠷ ᠪᠤᠰᠤ | ᠪᠣᠳᠠᠰ ᠲᠤ ᠪᠤᠬᠢᠷᠲᠠᠭᠤᠯᠵᠤ ᠪᠣᠯᠬᠤ ᠦᠭᠡᠢ᠂ ᠨᠡᠩ ᠴᠤ ᠨᠠᠮᠵᠢᠭᠤᠨ ᠰᠤᠳᠠᠯ ᠤᠨ ᠨᠡᠪᠲᠡᠷᠡᠬᠦ ᠣᠷᠣᠨ ᠳᠤ | ᠨᠤᠬᠤᠯᠠᠭᠳᠠᠵᠤ ᠪᠣᠯᠬᠤ ᠦᠭᠡᠢ᠃ | 3. ᠬᠥᠳᠡᠯᠭᠡᠭᠡᠨ ᠢᠶᠠᠨ ᠲᠣᠬᠢᠷᠠᠮᠵᠢᠲᠠᠢ ᠪᠠᠶᠢᠯᠭᠠᠬᠤ ᠬᠡᠷᠡᠭᠲᠡᠢ᠂ ᠴᠢᠰᠤ ᠬᠠᠨᠳᠢᠪᠯᠡᠭ᠌ᠰᠠᠨ ᠤ ᠲᠠᠷᠠᠭ᠎ᠠ ᠲᠤᠰ | ᠡᠳᠦᠷ ᠲᠡᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠬᠢᠬᠦ᠂ ᠰᠥᠨᠢᠵᠢᠨ ᠨᠠᠭᠠᠳᠬᠤ ᠵᠡᠷᠭᠡ ᠬᠥᠳᠡᠯᠭᠡᠭᠡᠨ ᠬᠢᠵᠦ | ᠪᠤᠯᠬᠤ ᠦᠭᠡᠢ᠃ | ᠰᠠᠨᠠᠭᠠᠴᠢᠯᠠᠭᠰᠠᠨ ᠨᠢᠭᠡᠴᠡ᠄ ᠹᠧᠩᠵᠧᠨ ᠬᠤᠲᠠ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ | ᠤᠳᠤᠷᠢᠳᠬᠤ ᠳᠤᠭᠤᠶᠢᠯᠠᠩ᠃ | | | ᠹᠧᠩᠵᠧᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ | ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | 2024 ᠣᠨ ᠤ 8 ᠰᠠᠷ᠎ᠠ ᠶᠢᠨ 1 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |