| ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠰᠠᠨ ᠢ ᠴᠢᠤᠸᠠᠨ ᠪᠠᠯᠭᠠᠰᠤ ᠶᠢᠨ ᠬᠢᠨ ᠲᠠᠷᠢᠮᠠᠯ ᠳᠠᠷᠢᠬᠤ | ᠲᠠᠯᠠᠪᠠᠶ ᠶᠢ ᠬᠢᠨᠠᠨ ᠪᠠᠶᠢᠴᠠᠭᠠᠬᠤ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢ ᠲᠥᠪ ᠭᠤᠤᠯᠴᠢ᠂ ᠨᠠᠷᠢᠯᠢᠭ ᠤᠨᠤᠪᠴᠢᠳᠠᠢ ᠪᠠᠷ ᠲᠠᠷᠢᠶᠠᠴᠢᠨ | ᠡᠷᠦᠬᠡ ᠶᠢᠨ ᠭᠠᠷ ᠲᠤ ᠬᠦᠷᠭᠡᠬᠦ ᠶᠢ ᠦᠨᠡᠨᠬᠦ ᠪᠠᠲᠤᠯᠠᠪᠠ᠃ | | ᠰᠠᠨ ᠢ ᠴᠢᠤᠸᠠᠨ ᠤ ᠱᠠᠨ ᠴᠠ ᠾᠧ ᠲᠣᠰᠬᠤᠨ ᠳᠤ᠂ ᠲᠣᠰᠬᠤᠨ ᠤ ︽ᠬᠤᠶᠠᠷ ᠵᠥᠪᠯᠡᠯ︾ ᠪᠣᠯᠣᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠠᠮᠢᠶ᠎ᠠ ᠪᠦᠬᠦᠢ ᠠᠵᠢᠯᠲᠠᠳ ᠢ ᠵᠣᠬᠢᠶᠠᠨ ᠪᠠᠶᠢᠭᠤᠯᠤᠨ | ᠲᠤᠬᠠᠢ ᠶᠢᠨ ᠲᠠᠯᠠᠪᠠᠶ ᠳᠤ GPS ᠳᠠᠭᠠᠭᠤᠯᠢ ᠣᠳᠣᠨ ᠤ ᠣᠷᠣᠨ ᠪᠠᠶᠢᠷᠢ ᠲᠣᠭᠲᠠᠭᠠᠬᠤ ᠬᠡᠮᠵᠢᠯᠲᠡ ᠶᠢᠨ | ᠬᠡᠮᠵᠢᠭᠦᠷᠯᠢᠭ ᠢ ᠡᠬᠢᠯᠡᠭᠦᠯᠵᠦ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠡᠷᠳᠡᠨᠢ ᠰᠢᠰᠢ᠂ ᠰᠢᠷ᠎ᠠ ᠪᠤᠷᠴᠠᠭ ᠪᠣᠯᠣᠨ | ᠲᠥᠮᠥᠰᠥ ᠶᠢᠨ ᠲᠠᠷᠢᠮᠠᠯ ᠳᠠᠷᠢᠬᠤ ᠲᠠᠯᠠᠪᠠᠶ ᠶᠢᠨ ᠬᠡᠮᠵᠢᠯᠲᠡ ᠶᠢ ᠥᠷᠨᠢᠭᠦᠯᠵᠦ᠂ ᠪᠣᠳᠠᠲᠠᠢ ᠪᠠᠶᠢᠷᠢ ᠶᠢ | ᠲᠣᠭᠲᠠᠭᠠᠬᠤ ᠪᠠᠷ ᠳᠠᠮᠵᠢᠭᠤᠯᠤᠨ᠂ ᠰᠢᠯᠵᠢᠮᠡᠯ ᠦᠶ᠎ᠡ ᠶᠢᠨ ᠣᠷᠣᠨ ᠪᠠᠶᠢᠷᠢ ᠶᠢᠨ ᠵᠥᠷᠢᠶ᠎ᠡ ᠶᠢ ᠠᠰᠢᠭᠯᠠᠨ᠂ | ᠠᠵᠢᠯᠯᠠᠭᠠᠨ ᠤ ᠵᠠᠮ ᠮᠥᠷ ᠠᠴᠠ ᠡᠭᠦᠰᠦᠭᠰᠡᠨ ᠲᠠᠯᠠᠪᠠᠶ ᠶᠢ ᠨᠠᠷᠢᠯᠢᠭ ᠤᠨᠤᠪᠴᠢᠳᠠᠢ ᠪᠠᠷ ᠪᠤᠳᠤᠵᠤ᠂ ᠡᠭᠦᠨ ᠤ | ᠤᠯᠠᠮ ᠢᠶᠠᠷ ᠳᠠᠷᠢᠬᠤ ᠲᠠᠯᠠᠪᠠᠶ ᠶᠢᠨ ᠦᠨᠡᠨ ᠪᠣᠳᠠᠲᠠᠢ ᠲᠤᠭ᠎ᠠ ᠪᠠᠷᠢᠮᠲᠠ ᠪᠣᠯᠣᠨ ᠨᠥᠬᠦᠪᠦᠷᠢ ᠥᠭᠬᠦ ᠬᠡᠪᠴᠢᠶ᠎ᠡ ᠶᠢ | ᠣᠨᠣᠪᠴᠢᠲᠠᠶ ᠬᠢᠨᠠᠨ ᠬᠠᠷᠭᠤᠭᠤᠯᠪᠠ᠃ | ᠡᠷᠳᠡᠨᠢ ᠰᠢᠰᠢ᠂ ᠰᠢᠷ᠎ᠠ ᠪᠤᠷᠴᠠᠭ ᠪᠣᠯᠣᠨ ᠲᠥᠮᠥᠰᠥ ᠲᠠᠷᠢᠭᠴᠢ ᠳᠤ ᠨᠥᠬᠦᠪᠦᠷᠢ ᠥᠭᠬᠦ ᠲᠠᠯᠠᠪᠠᠢ ᠶᠢ | ᠬᠠᠷᠭᠤᠭᠤᠯᠤᠨ ᠪᠠᠶᠢᠴᠠᠭᠠᠬᠤ ᠪᠣᠯ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠵᠠᠩᠭᠢᠯᠠᠭ᠎ᠠ ᠶᠢᠨ ᠭᠤᠭᠴᠤᠭ᠎ᠠ ᠮᠦᠷᠳᠡᠭᠡᠨ᠂ ᠲᠣᠰᠬᠤᠨ ᠤ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠬᠤ ᠪᠥᠭᠡᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | | | ᠵᠣᠬᠢᠶᠠᠭᠴᠢ᠄ ᠬᠤᠤ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |