ᠮᠠᠨ ᠤ ᠬᠤᠲᠠ ᠶᠢᠨ ᠬᠢᠨ 2024 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/8/16
  8 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠮᠠᠨ ᠤ ᠬᠤᠲᠠ ᠶᠢᠨ 2024 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠤᠲᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠲᠥᠪ ᠲᠣᠭᠤᠷᠢᠭ ᠲᠤ ᠵᠣᠬᠢᠶᠠᠨ ᠪᠠᠶᠢᠭᠤᠯᠤᠨ ᠥᠷᠨᠢᠭᠦᠯᠪᠡ᠃
   ᠬᠤᠲᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠭᠤᠣᠯ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠳᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠡᠮᠬᠢ ᠳᠢᠭᠯᠢᠮ ᠲᠠᠢ ᠶᠠᠪᠤᠭᠳᠠᠪᠠ᠃ ᠠᠵᠢᠯᠲᠠᠳ ᠤᠨ ᠵᠢᠯᠣᠭᠤᠳᠤᠯᠭ᠎ᠠ ᠳᠣᠣᠷ᠎ᠠ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠡᠷᠢ ᠲᠡᠭᠰᠢ ᠵᠢᠭᠰᠠᠵᠤ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠨᠢᠳᠦᠨ ᠤ ᠡᠮᠨᠡᠯᠭᠡ᠂ ᠴᠢᠬᠢ ᠬᠠᠮᠠᠷ ᠬᠤᠭᠤᠯᠠᠢ ᠶᠢᠨ ᠡᠮᠨᠡᠯᠭᠡ ᠵᠡᠷᠭᠡ ᠡᠯ᠎ᠡ ᠵᠦᠢᠯ ᠤᠨ ᠪᠠᠶᠢᠴᠠᠭᠠᠯᠲᠠ ᠶᠢ ᠲᠡᠰ ᠳᠠᠷᠠᠭᠠᠯᠠᠨ ᠬᠢᠪᠡ᠃ ᠡᠮᠨᠡᠯᠭᠡ ᠶᠢᠨ ᠠᠵᠢᠯᠲᠠᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠲᠥᠷᠥᠯ ᠵᠦᠢᠯ ᠨᠢᠭᠡᠪᠦᠷᠢ ᠶᠢ ᠨᠠᠷᠢᠨ ᠬᠢᠨᠠᠮᠠᠭᠠᠢ ᠪᠠᠶᠢᠴᠠᠭᠠᠵᠤ᠂ ᠴᠡᠷᠢᠭ ᠠᠩᠭᠢ ᠳᠤ ᠪᠡᠶ᠎ᠡ ᠮᠠᠬᠠᠪᠤᠳ ᠤᠨ ᠬᠡᠪ ᠴᠢᠨᠠᠷ ᠢᠶᠠᠷ ᠴᠢᠩᠭ᠎ᠠ ᠰᠢᠯᠢᠳᠡᠭ ᠴᠡᠷᠢᠭ ᠬᠦᠷᠭᠡᠬᠦ ᠶᠢ ᠦᠨᠡᠨᠬᠦ ᠪᠠᠳᠤᠯᠠᠪᠠ᠃
   ᠣᠶᠢᠯᠠᠭᠠᠭᠰᠠᠨ ᠢᠶᠠᠷ᠂ ᠡᠨᠡ ᠵᠢᠯ ᠤᠨ ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠨᠢ ᠬᠤᠶᠠᠷ ᠡᠳᠦᠷ ᠦᠷᠭᠦᠯᠵᠢᠯᠡᠵᠦ᠂ ᠪᠡᠶ᠎ᠡ ᠶᠢᠨ ᠪᠠᠶᠢᠴᠠᠭᠠᠯᠲᠠ ᠪᠠ ᠤᠯᠤᠰ ᠲᠥᠷᠥ ᠶᠢᠨ ᠴᠢᠩᠭ᠎ᠠ ᠰᠢᠯᠭᠠᠯᠲᠠ ᠪᠠᠷ ᠳᠡᠮᠵᠢᠨ᠂ ᠬᠢᠷᠢ ᠲᠡᠩᠴᠡᠭᠰᠡᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠴᠡᠷᠢᠭ ᠲᠤ ᠣᠷᠣᠬᠤ ᠪᠠᠷ ᠵᠥᠪᠰᠢᠶᠡᠷᠡᠭᠳᠡᠵᠦ᠂ ᠡᠬᠡ ᠤᠯᠤᠰ ᠤᠨ ᠡᠯ᠎ᠡ ᠭᠠᠵᠠᠷ ᠲᠤ ᠬᠦᠷᠴᠦ᠂ ᠲᠡᠳᠡᠨ ᠤ ᠴᠡᠷᠢᠭ ᠤᠨ ᠠᠮᠢᠳᠤᠷᠠᠯ ᠢᠶᠠᠨ ᠡᠬᠢᠯᠡᠭᠦᠯᠬᠦ ᠪᠣᠯᠣᠨ᠎ᠠ᠃ ᠡᠳᠡᠭᠡᠷ ᠬᠦᠰᠡᠯ ᠵᠣᠷᠢᠭ ᠲᠠᠢ ᠵᠠᠯᠠᠭᠤᠴᠤᠳ ᠴᠡᠷᠢᠭ ᠠᠩᠭᠢ ᠶᠢᠨ ᠡᠨᠡᠬᠦ ᠠᠭᠤᠵᠢᠮ ᠵᠤᠤᠬ᠎ᠠ ᠳᠤ ᠪᠠᠲᠤ ᠴᠢᠩᠭ᠎ᠠ ᠵᠣᠷᠢᠭ ᠰᠠᠨᠠᠭ᠎ᠠ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠡᠬᠡ ᠣᠷᠣᠨ ᠢᠶᠠᠨ ᠬᠠᠮᠠᠭᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠶᠢ ᠢᠲᠡᠭᠡᠵᠦ ᠪᠠᠶᠢᠨ᠎ᠠ᠃         ᠵᠣᠬᠢᠶᠠᠭᠴᠢ᠄ ᠵᠢᠶᠠ ᠯᠢ         ᠨᠠᠶᠢᠷᠠᠭᠤᠯᠤᠭᠴᠢ᠄ ᠯᠢ ᠰᠧ ᠬᠤᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3